ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/10/12
ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ    10 ᠳ᠋ᠤᠭᠠᠷ ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠳᠠᠬᠢᠨ ᠲᠣᠬᠢᠷᠠᠭᠤᠯᠤᠯᠲᠠ᠂ ᠳᠠᠬᠢᠨ ᠪᠠᠶᠢᠷᠢᠯᠠᠭᠤᠯᠤᠯᠲᠠ ᠬᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠸᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠠᠶ ᠹᠠᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠤᠶᠤᠯᠴᠡᠴᠡᠭ ᠵᠡᠷᠭᠡ ᠬᠤᠲᠠ ᠶᠢᠨ ᠳᠥᠷᠪᠡᠨ ᠶᠡᠭᠡ ᠤᠳᠤᠷᠢᠳᠬᠤ ᠪᠠᠭ ᠤᠨ ᠬᠤᠯᠪᠣᠭᠳᠠᠯ ᠪᠦᠬᠦᠢ ᠤᠳᠤᠷᠢᠳᠤᠯᠭ᠎ᠠ ᠬᠤᠷᠠᠯ ᠳᠤ ᠣᠷᠣᠯᠴᠠᠪᠠ᠃    ᠬᠤᠷᠠᠯ ᠠᠴᠠ᠂ ᠡᠯ᠎ᠡ ᠭᠠᠵᠠᠷ ᠣᠷᠣᠨ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠭᠠᠳᠠᠭᠰᠢ ᠬᠠᠯᠳᠠᠪᠤᠷᠢᠯᠠᠬᠤ ᠶᠢ ᠰᠡᠷᠭᠡᠶᠢᠯᠡᠬᠦ︾ ᠬᠠᠷᠢᠶᠠᠲᠤ ᠭᠠᠵᠠᠷ ᠤᠨ ᠬᠠᠷᠢᠭᠤᠴᠠᠯᠭ᠎ᠠ ᠪᠣᠯᠤᠨ ᠲᠡᠷᠢᠭᠦᠨ ᠴᠢᠬᠤᠯᠠ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠭᠤᠤᠯᠳᠠᠯᠭ᠎ᠠ ᠲᠠᠢ ᠬᠥᠮᠦᠰ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠦᠨᠡᠨ ᠬᠦ ᠪᠠᠬᠢᠵᠢᠭᠦᠯᠬᠦ ᠬᠡᠷᠡᠭᠲᠡᠶ᠃ ᠴᠢᠩᠭᠡᠯᠢᠭ ᠡᠮᠨᠡᠯᠭᠡ ᠶᠢᠨ ᠬᠤᠷᠢᠶᠠᠨ ᠤ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠤᠰᠠᠭᠠᠷᠯᠠᠬᠤ ᠲᠠᠯᠠᠪᠤᠷ ᠤᠨ ᠨᠥᠭᠡᠴᠡ ᠪᠠ ᠬᠠᠮᠢᠶᠠᠷᠤᠯᠲᠠ ᠶᠢ ᠴᠢᠩᠭᠠᠳᠬᠠᠨ᠂ ᠲᠤᠰᠠᠭᠠᠷᠯᠠᠵᠤ ᠠᠪᠤᠷᠠᠨ ᠡᠮᠨᠡᠬᠦ ᠴᠢᠳᠠᠪᠤᠷᠢ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠬᠢᠵᠢᠭ ᠢ ᠰᠡᠷᠭᠡᠶᠢᠯᠡᠬᠦ ᠡᠳ᠋ ᠪᠣᠳᠠᠰ᠂ ᠠᠮᠢᠳᠤᠷᠠᠯ ᠤᠨ ᠡᠳ᠋ ᠪᠣᠳᠠᠰ ᠨᠥᠭᠡᠴᠡᠯᠡᠬᠦ ᠠᠵᠢᠯ ᠢ ᠥᠨᠳᠥᠷ ᠪᠦᠲᠦᠮᠵᠢᠲᠡᠶ ᠨᠢᠭᠡᠳᠦᠯᠲᠡᠶ ᠲᠥᠯᠥᠪᠵᠢᠭᠦᠯᠵᠦ᠂ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃ ᠠᠰᠠᠭᠤᠳᠠᠯ ᠢ ᠮᠥᠷᠳᠡᠨ ᠱᠠᠯᠠᠪᠳᠠᠭᠤᠯᠤᠨ ᠰᠢᠢᠳᠪᠦᠷᠢᠯᠡᠬᠦ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠷᠦ ᠶᠢᠨ ᠪᠤᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠬᠦᠴᠦᠨ ᠲᠠᠢ ᠪᠣᠯᠭᠠᠬᠤ ᠶᠢ ᠦᠨᠡᠨ ᠬᠦ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠪᠦᠬᠦ ᠬᠦᠴᠦᠨ ᠢᠶᠠᠷ ᠢᠶᠠᠨ ᠲᠡᠮᠡᠴᠡᠨ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠨᠢ ᠸᠢᠳᠢᠣ᠋ ᠶᠢᠨ ᠬᠡᠯᠪᠡᠷᠢ ᠪᠠᠷ ᠡᠯ᠎ᠡ ᠬᠤᠰᠢᠭᠤ ᠰᠢᠶᠠᠨ ᠲᠣᠭᠤᠷᠢᠭ ᠲᠤ ᠶᠠᠪᠤᠭᠳᠠᠪᠠ᠃ ᠬᠤᠳᠠ ᠬᠤᠰᠢᠭᠤ ᠬᠤᠶᠠᠷ ᠱᠠᠲᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃

 

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号