ᠮᠠᠨ ᠤ ᠬᠣᠰᠢᠭᠤᠨ ᠤ ᠨᠠᠮ ᠤᠨ ᠭᠡᠰᠢᠭᠦᠨ ᠺᠠᠳ᠋ᠷ ᠨᠠᠮ ᠤᠨ ᠬᠣᠷᠢᠳᠤᠭᠠᠷ ᠶᠡᠬᠡ ᠬᠤᠷᠠᠯ ᠤᠨ ᠡᠬᠢᠯᠡᠯᠲᠡ ᠶᠢᠨ ᠬᠤᠷᠠᠯ ᠢ ᠲᠥᠪᠯᠡᠷᠡᠭᠦᠯᠦᠨ ᠭᠥᠯᠢᠶᠡᠨ ᠠᠪᠴᠤ ᠦᠵᠡᠪᠡ
ᠨᠡᠶᠢᠲᠡᠯᠡᠭᠰᠡᠨ ᠴᠠᠭ᠄
2022/10/16
ᠮᠠᠨ ᠤ ᠬᠣᠰᠢᠭᠤᠨ ᠤ ᠨᠠᠮ ᠤᠨ ᠭᠡᠰᠢᠭᠦᠨ ᠺᠠᠳ᠋ᠷ ᠨᠠᠮ ᠤᠨ ᠬᠣᠷᠢᠳᠤᠭᠠᠷ ᠶᠡᠬᠡ ᠬᠤᠷᠠᠯ ᠤᠨ ᠡᠬᠢᠯᠡᠯᠲᠡ ᠶᠢᠨ ᠬᠤᠷᠠᠯ ᠢ ᠲᠥᠪᠯᠡᠷᠡᠭᠦᠯᠦᠨ ᠭᠥᠯᠢᠶᠡᠨ ᠠᠪᠴᠤ ᠦᠵᠡᠪᠡ    10 ᠰᠠᠷ᠎ᠠ ᠶᠢᠨ 16 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠨᠠᠮ ᠤᠨ ᠬᠤᠷᠢᠳᠤᠭᠠᠷ ᠶᠡᠭᠡ ᠬᠤᠷᠠᠯ ᠤᠨ ᠡᠬᠢᠯᠡᠯᠲᠡ ᠶᠢᠨ ᠬᠤᠷᠠᠯ ᠢ ᠭᠥᠯᠢᠶᠡᠨ ᠠᠪᠴᠤ ᠰᠣᠨᠣᠰᠬᠤ ᠶᠢᠨ ᠲᠥᠯᠥᠭᠡ᠂ ᠮᠠᠨ ᠤ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠢᠳᠡᠪᠬᠢᠲᠡᠶ ᠬᠥᠳᠡᠯᠦᠯᠴᠡᠵᠦ᠂ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠵᠣᠬᠢᠶᠠᠨ ᠪᠠᠶᠢᠭᠤᠯᠵᠤ ᠨᠠᠮ ᠤᠨ ᠬᠤᠷᠢᠳᠤᠭᠠᠷ ᠶᠡᠭᠡ ᠬᠤᠷᠠᠯ ᠤᠨ ᠡᠬᠢᠯᠡᠯᠲᠡ ᠶᠢᠨ ᠬᠤᠷᠠᠯ ᠢ ᠲᠥᠪᠯᠡᠷᠡᠭᠦᠯᠦᠨ ᠦᠵᠡᠪᠡ ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠩ ᠣᠷᠭᠢᠯᠤᠮ᠎ᠠ ᠬᠠᠯᠠᠭᠤᠨ ᠤᠯᠤᠰ ᠲᠦᠷᠦ ᠶᠢᠨ ᠬᠠᠯᠠᠭᠤᠨ ᠰᠡᠳᠬᠢᠯᠭᠡ ᠂ ᠨᠡᠩ ᠣᠷᠭᠢᠯᠤᠮ᠎ᠠ ᠬᠠᠯᠠᠭᠤᠨ ᠠᠵᠢᠯᠯᠠᠬᠤ ᠡᠷᠴᠢ ᠵᠣᠷᠢᠭ ᠢᠶᠠᠷ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠲᠡᠮᠡᠴᠡᠵᠦ᠂ ᠬᠠᠷᠠᠴᠢᠨ ᠬᠤᠰᠢᠭᠤᠨ ᠤ ᠲᠠᠪᠠᠯᠳᠠᠳᠦ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠦ ᠢᠯᠡᠳᠬᠡᠵᠡᠭᠡᠪᠡ᠃    ᠬᠤᠰᠢᠭᠤᠨ ᠤ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ ᠨᠠᠢ᠌ᠮᠠᠳᠤᠭᠠᠷ ᠳᠠᠪᠬᠤᠷᠯᠢᠭ ᠤᠨ ᠬᠤᠷᠠᠯ ᠤᠨ ᠬᠡᠷ ᠲᠤ᠂ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠬᠡᠷ  ᠲᠤ  ᠪᠠᠨ ᠪᠠᠢᠭ᠎ᠠ ᠤᠳᠤᠷᠢᠳᠤᠯᠭ᠎ᠠ ᠬᠠᠮᠲᠤ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠡᠬᠢᠯᠡᠯᠲᠡ ᠶᠢᠨ ᠬᠤᠷᠠᠯ ᠤᠨ ᠦᠪᠡᠳᠡᠭᠰᠢ ᠪᠠᠶᠢᠳᠠᠯ ᠢ ᠭᠥᠯᠢᠶᠡᠨ ᠦᠵᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠵᠢᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠴᠤ ᠰᠤᠷᠤᠯᠴᠠᠪᠠ᠃    ᠦᠳᠡ ᠶᠢᠨ ᠡᠮᠦᠨᠡᠬᠢ 9 ᠴᠠᠭ 45 ᠮᠢᠨᠦ᠋ᠲ ᠲᠤ᠂ ᠮᠠ ᠠᠨ ᠱᠠᠨ ᠤᠢ ᠰᠢᠭᠤᠢ ᠶᠢᠨ ᠲᠠᠯᠠᠪᠠᠢ ᠶᠢᠨ ᠪᠦᠬᠦ ᠺᠠᠳ᠋ᠷ ᠠᠵᠢᠯᠳᠠᠨ ᠠᠯᠢ ᠡᠷᠲᠡ ᠲᠧᠯᠸᠢᠰ ᠤᠨ ᠡᠮᠦᠨ᠎ᠡ ᠬᠦᠯᠢᠶᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠡᠬᠢᠯᠡᠯᠲᠡ ᠶᠢᠨ ᠬᠤᠷᠠᠯ ᠢ ᠬᠠᠮᠲᠤᠪᠠᠷ ᠦᠵᠡᠪᠡ ᠃    ︽ᠥᠨᠥᠳᠦᠷ ᠪᠣᠯ ᠪᠦᠬᠦ ᠤᠯᠤᠰ ᠤᠨ ᠠᠷᠠᠳ ᠲᠦᠮᠡᠨ ᠤ ᠪᠠᠶᠠᠷᠯᠠᠭᠤᠰᠢᠲᠠᠢ ᠡᠳᠦᠷ ᠪᠣᠯᠤᠨ᠎ᠠ᠂ ᠮᠠ ᠠᠨ ᠱᠠᠨ ᠤᠢ ᠰᠢᠭᠤᠢ ᠶᠢᠨ ᠲᠠᠯᠠᠪᠠᠢ ᠪᠣᠯ ᠶᠡᠷᠦᠩᠬᠡᠢ ᠱᠦᠵᠢ ᠪᠡᠶ᠎ᠡ ᠪᠠᠷ ᠢᠶᠠᠨ ᠰᠢᠨᠵᠢᠯᠡᠨ ᠪᠠᠶᠢᠴᠠᠭᠠᠭᠰᠠᠨ ᠭᠠᠵᠠᠷ ᠪᠣᠯᠤᠨ᠎ᠠ᠂ ᠮᠠᠨ ᠤ ᠪᠦᠬᠦ ᠠᠵᠢᠯᠳᠠᠨ ᠠᠵᠢᠯᠴᠢᠨ ᠯᠠᠪᠲᠠᠢ ᠬᠦᠰᠡᠯ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠷ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠵᠢᠯᠤᠭᠤᠳᠤᠯᠭ᠎ᠠ ᠳᠣᠣᠷ᠎ᠠ᠂ ᠡᠨᠡᠬᠦ ᠨᠣᠮᠢᠨ ᠨᠣᠭᠤᠭᠠᠨ ᠦᠩᠭᠡ᠂ ᠡᠨᠡᠬᠦ ᠬᠥᠬᠡᠮᠳᠦᠭ᠂ ᠡᠨᠡᠬᠦ ᠠᠷᠢᠭᠤᠨ ᠴᠡᠪᠡᠷ ᠢ ᠰᠠᠶᠢᠲᠤᠷ ᠰᠠᠬᠢᠨ ᠬᠠᠮᠠᠭᠠᠯᠠᠵᠤ᠂ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠰᠢᠯᠢᠳᠡᠭ ᠠᠮᠵᠢᠯᠲᠠ ᠪᠠᠷ ᠢᠶᠠᠨ ᠨᠠᠮ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠪᠠᠷ ᠴᠢᠷᠮᠠᠶᠢᠨ᠎ᠠ︾᠃ ᠭᠡᠵᠦ ᠮᠠ ᠠᠨ ᠱᠠᠨ ᠤᠢ ᠰᠢᠭᠤᠢ ᠶᠢᠨ ᠲᠠᠯᠠᠪᠠᠢ ᠶᠢᠨ ᠳᠠᠷᠤᠭ᠎ᠠ ᠴᠦ᠋ ᠭᠤᠸᠠᠩ ᠮᠢᠩ ᠢᠯᠡᠳᠬᠡᠪᠡ     ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠶᠢᠨ ᠬᠤᠷᠠᠯ ᠤᠨ ᠬᠡᠷ ᠲᠤ ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠬᠡᠷ ᠤᠨ ᠨᠠᠮ ᠤᠨ ᠭᠡᠰᠢᠭᠦᠨ ᠺᠠᠳ᠋ᠷ ᠲᠡᠷᠢ ᠲᠡᠭᠰᠢ ᠰᠠᠭᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠡᠬᠢᠯᠡᠯᠲᠡ ᠶᠢᠨ ᠬᠤᠷᠠᠯ ᠤᠨ ᠰᠢᠭᠤᠳ ᠨᠡᠪᠲᠡᠷᠡᠭᠦᠯᠭᠡ ᠶᠢ ᠨᠠᠷᠢᠨ ᠬᠢᠨᠠᠮᠠᠭᠠᠶ ᠭᠥᠯᠢᠶᠡᠨ ᠠᠪᠴᠤ ᠦᠵᠡᠪᠡ᠃    ︽ᠶᠡᠷᠦᠩᠬᠡᠢ ᠱᠦᠵᠢ ᠰᠢ ᠶᠢᠨ ᠫᠢᠩ ᠤᠨ ᠶᠠᠷᠢᠶ᠎ᠠ ᠨᠢ ᠡᠷᠴᠢ ᠵᠣᠷᠢᠭ ᠢ ᠬᠥᠪᠴᠢᠯᠡᠵᠦ᠂ ᠬᠥᠮᠦᠰ ᠤᠨ ᠰᠡᠳᠬᠢᠯ ᠢ ᠳᠣᠭᠳᠣᠯᠤᠭᠤᠯᠤᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠪᠣᠯᠤᠭᠰᠠᠨ ᠤ ᠬᠤᠪᠢ ᠳᠤ᠂ ᠪᠢᠳᠠ ᠯᠠᠪᠲᠠᠢ ᠤᠬ ᠰᠠᠨᠠᠭ᠎ᠠ ᠪᠠᠨ ᠦᠯᠦ ᠬᠥᠰᠡᠷᠳᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠦᠯᠦ ᠭᠤᠲᠤᠭᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠪᠠᠷᠢᠮᠲᠠᠯᠠᠵᠤ᠂ ᠬᠦᠴᠢᠷ ᠢ ᠰᠦᠷᠦᠨ ᠤᠷᠤᠭᠰᠢᠯᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃︾ ᠭᠡᠵᠦ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠶᠢᠨ ᠨᠠᠮ ᠤᠨ ᠶᠡᠷᠦᠩᠬᠡᠶ ᠡᠭᠦᠷ ᠤᠨ ᠳᠡᠳ᠋ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠨᠢᠭᠡᠳᠦᠭᠡᠷ ᠶᠡᠷᠦᠩᠬᠡᠶᠢᠯᠡᠭᠰᠡᠨ ᠳᠤᠭᠤᠶᠢᠯᠠᠩ ᠤᠨ ᠳᠡᠳ᠋ ᠳᠠᠷᠤᠭ᠎ᠠ ᠵᠢᠶᠠᠩ ᡁᠢ ᠶᠦᠩ ᠢᠯᠡᠷᠬᠡᠶᠢᠯᠡᠪᠡ᠃    ︽ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠥᠮᠦᠨ ᠪᠣᠯᠤᠭᠰᠠᠨ ᠤ ᠬᠤᠪᠢ ᠳᠤ᠂ ᠪᠢ ᠨᠡᠩ ᠥᠨᠳᠥᠷ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠤᠳᠤᠯ ᠢᠶᠠᠷ ᠠᠵᠢᠯ ᠦᠢᠯᠡᠳᠦᠯᠭᠡ ᠳᠡᠭᠡᠨ ᠣᠷᠣᠯᠴᠠᠵᠤ᠂ ᠠᠷᠠᠳ ᠤᠨ ᠲᠥᠯᠥᠭᠡ ᠭᠡᠬᠦ ᠤᠬ ᠰᠠᠨᠠᠭ᠎ᠠ ᠪᠠᠨ ᠦᠯᠦ ᠮᠠᠷᠲᠠᠵᠤ᠂ ᠪᠦᠬᠦ ᠲᠠᠯ᠎ᠠ ᠶᠢᠨ ᠰᠢᠨ᠎ᠡ ᠥᠷᠢᠰᠥᠯᠳᠦᠭᠡᠨ ᠳᠤ ᠰᠢᠭᠤᠳ ᠬᠠᠨᠳᠤᠨ᠎ᠠ᠃︾ ᠭᠡᠵᠦ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ ᠬᠢᠨᠠᠨ ᠪᠠᠶᠢᠴᠠᠭᠠᠬᠤ ᠵᠥᠪᠯᠡᠯ ᠤᠨ ᠲᠠᠪᠤᠳᠤᠭᠠᠷ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠠᠰᠤᠭ ᠤᠨ ᠳᠡᠳ᠋ ᠡᠷᠬᠢᠯᠡᠭᠴᠢ ᠯᠢᠦ ᠸᠧᠢ ᠬᠡᠯᠡᠪᠡ᠃    ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠳᠤ ᠣᠯᠠᠨ ᠨᠡᠢᠲᠡ ᠬᠠᠮᠲᠤ ᠪᠠᠷ᠂ ᠶᠡᠷᠦᠩᠬᠡᠶ ᠱᠦᠵᠢ ᠰᠢ ᠶᠢᠨ ᠫᠢᠩ ᠤᠨ ᠠᠵᠢᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠴᠤ᠂ ᠦᠵᠡᠬᠦ ᠶᠢᠨ ᠳᠠᠭᠠᠤ ᠲᠡᠮᠳᠡᠭᠯᠡᠯ ᠬᠢᠵᠦ ᠪᠠᠶᠢᠯ᠎ᠠ᠃    ︽ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠺᠠᠳ᠋ᠷ ᠪᠣᠯᠤᠭᠰᠠᠨ ᠤ ᠬᠤᠪᠢ ᠳᠤ᠂ ᠬᠤᠶᠢᠰᠢᠳᠠ ᠪᠢ ᠰᠢᠨ᠎ᠡ ᠪᠠᠶᠢᠳᠠᠯ ᠳᠣᠣᠷᠠᠬᠢ ᠨᠠᠮ ᠤᠯᠠᠨ ᠲᠦᠮᠡᠨ ᠤ ᠪᠦᠯᠬᠦᠮ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠡᠮᠡᠭᠲᠡᠶᠢᠴᠦᠳ ᠬᠡᠦᠬᠡᠳ ᠲᠤ ᠰᠠᠶᠢᠲᠤᠷ ᠦᠢᠯᠡᠴᠢᠯᠡᠨ᠎ᠡ᠃ ᠡᠭᠦᠨ ᠤ ᠬᠠᠮᠲᠤ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠭᠰᠠᠨ ᠤ ᠬᠤᠪᠢ ᠳᠤ᠂ ᠪᠢ ᠡᠮᠡᠭᠲᠡᠶᠢᠴᠦᠳ ᠤᠨ ᠬᠦᠴᠦᠨ ᠢ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃︾ ᠭᠡᠵᠦ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠲᠣᠮᠢᠯᠠᠭᠰᠠᠨ ᠵᠢᠨᠱᠠᠨ ᠪᠠᠯᠭᠠᠰᠤᠨ ᠤ ᠸᠠ ᠹᠠᠩ ᠳ᠋ᠢ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠰᠢᠶᠧ ᠶᠠ ᠰᠢᠨ ᠬᠡᠯᠡᠪᠡ᠃

 

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号