ᠬᠤᠳᠠ ᠶᠢᠨ ᠳᠠᠷᠤᠭ᠎ᠠ ᠸᠠᠩ ᠸᠠᠩ ᠱᠸᠩ ᠾᠧ ᠮᠧᠢ ᠬᠦᠷᠢᠶᠡᠯᠡᠩ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/10/17
ᠬᠤᠳᠠ ᠶᠢᠨ ᠳᠠᠷᠤᠭ᠎ᠠ ᠸᠠᠩ ᠸᠠᠩ ᠱᠸᠩ ᠾᠧ ᠮᠧᠢ ᠬᠦᠷᠢᠶᠡᠯᠡᠩ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠡ    10 ᠰᠠᠷ᠎ᠠ ᠶᠢᠨ 17 ᠤ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ ᠾᠧ ᠮᠧᠶ ᠬᠦᠷᠢᠶᠡᠯᠡᠩ ᠲᠣᠭᠤᠷᠢᠭ ᠪᠠ ᠾᠧ ᠮᠧᠶ ᠤᠨᠴᠠᠯᠢᠭᠳᠤ ᠬᠤᠳᠠᠯᠳᠤᠭᠠᠨ ᠤ ᠲᠥᠪ ᠤᠨ ᠭᠠᠵᠠᠷ ᠰᠢᠷᠣᠶ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠨᠡᠭᠡᠭᠡᠯᠲᠡ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠤᠤ ᠶᠠᠨ ᠬᠤᠩ᠂ ᠳᠡᠳ᠋ ᠬᠤᠰᠢᠭᠤᠨ ᠳᠠᠷᠤᠭ᠎ᠠ ᠮᠠ ᠶᠦᠩ ᠭᠠᠩ ᠪᠠᠷ᠎ᠠ ᠪᠣᠯᠪᠠ᠃    ᠸᠠᠩ ᠸᠠᠩ ᠱᠧᠩ ᠵᠢᠭᠠᠵᠤ ᠭᠠᠷᠭᠠᠭᠰᠠᠨ ᠨᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠭᠡᠷ ᠪᠠᠶᠢᠰᠢᠩ ᠭᠠᠵᠠᠷ ᠬᠥᠷᠥᠩᠭᠡ ᠶᠢᠨ ᠠᠵᠢᠯ ᠲᠥᠷᠥᠯ ᠤᠨ ᠠᠵᠤ ᠠᠬᠤᠢ ᠶᠢᠨ ᠬᠥᠭᠵᠢᠯᠲᠡ ᠳᠤᠮᠳᠠᠬᠢ ᠴᠢᠬᠤᠯᠠ ᠦᠢᠯᠡᠳᠦᠯ ᠢ ᠭᠦᠢᠴᠡᠳ ᠲᠠᠨᠢᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠠᠶᠢᠲᠤᠷ ᠬᠠᠮᠠᠭᠠᠯᠠᠨ᠂ ᠦᠢᠯᠡᠴᠢᠯᠡᠭᠡᠨ ᠤ ᠦᠵᠡᠯ ᠤᠬᠠᠮᠰᠠᠷ᠂ ᠦᠢᠯᠡᠴᠢᠯᠡᠭᠡᠨ ᠤ ᠣᠪᠣᠷ᠂ ᠦᠢᠯᠡᠴᠢᠯᠡᠭᠡᠨ ᠤ ᠬᠦᠴᠦᠨ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠭᠡ ᠶᠢᠨ ᠬᠥᠭᠦᠷᠭᠡ ᠬᠤᠯᠪᠣᠭᠠᠰᠤ ᠶᠢ ᠪᠠᠶᠢᠭᠤᠯᠵᠤ᠂ ᠮᠠᠨ ᠤ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠠᠵᠢᠯ ᠲᠥᠷᠥᠯ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ᠃ ᠾᠧ ᠮᠧᠢ ᠬᠦᠷᠢᠶᠡᠯᠡᠩ ᠲᠣᠭᠤᠷᠢᠭ ᠤᠨ ᠠᠮᠢ ᠠᠬᠤᠢ ᠶᠢᠨ ᠰᠠᠭᠤᠷᠢᠰᠢᠬᠤ ᠳᠤ ᠲᠣᠬᠢᠷᠠᠮᠵᠢᠲᠠᠢ ᠠᠵᠢᠯᠯᠠᠬᠤ ᠳᠤ ᠲᠣᠬᠢᠷᠠᠮᠵᠢᠲᠠᠢ ᠦᠯᠢᠭᠡᠷ ᠳᠠᠭᠤᠷᠢᠶᠠᠯ ᠪᠤᠯᠬᠤ ᠲᠣᠭᠤᠷᠢᠭ ᠪᠤᠯᠭᠠᠨ ᠪᠦᠲᠦᠭᠡᠨ ᠪᠠᠢᠭᠤᠯᠵᠤ ᠂ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠠᠯᠬᠤᠮ ᠠᠯᠬᠤᠮ ᠢᠶᠠᠷ ᠨᠥᠬᠦᠪᠥᠷᠢᠯᠡᠵᠦ᠂ ᠦᠢᠯᠡᠴᠢᠯᠡᠭᠡᠨ ᠤ ᠴᠢᠳᠠᠮᠵᠢ ᠶᠢ ᠪᠦᠷᠢᠨᠰᠢᠬᠦᠯᠵᠤ᠂ ᠬᠤᠳᠠ ᠶᠢ ᠨᠡᠩ ᠦᠵᠡᠰᠬᠦᠯᠡᠩᠲᠦ ᠰᠠᠶᠢᠬᠠᠨ᠂ ᠠᠷᠠᠳ ᠤᠯᠠᠨ ᠤ ᠠᠮᠢᠳᠤᠷᠠᠯ ᠢ ᠨᠡᠩ ᠲᠣᠬᠢᠯᠢᠭ ᠰᠠᠶᠢᠬᠠᠨ ᠪᠣᠯᠭᠠᠬᠤ ᠬᠡᠷᠡᠭᠲᠡᠢ᠃ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠢ ᠴᠢᠩᠭᠠᠳᠬᠠᠵᠤ᠂ ᠪᠥᠲᠥᠭᠡᠨ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠠᠬᠢᠴᠠ ᠶᠢ ᠲᠦᠷᠭᠡᠳᠬᠡᠵᠦ᠂ ᠲᠥᠷᠥᠯ ᠵᠦᠢᠯ ᠢ ᠲᠥᠰᠦᠪᠯᠡᠨ ᠨᠥᠭᠡᠴᠡᠯᠡᠬᠦ ᠶᠢ ᠴᠢᠩᠭᠠᠳᠬᠠᠵᠤ᠂ ᠲᠥᠷᠥᠯ ᠵᠦᠢᠯ ᠢ ᠦᠢᠯᠡᠳᠪᠦᠷᠢᠯᠡᠬᠦ ᠪᠠᠷ ᠭᠤᠤᠯ ᠪᠣᠯᠭᠠᠵᠤ᠂ ᠪᠥᠬᠦ ᠶᠠᠪᠤᠴᠠ ᠶᠢᠨ ᠦᠢᠯᠡᠴᠢᠯᠡᠭᠡᠨ ᠤ ᠪᠠᠲᠤᠯᠠᠭ᠎ᠠ᠂ ᠴᠢᠬᠤᠯᠠ ᠡᠯᠧᠮᠧᠨ᠋ᠲ ᠤᠨ ᠲᠤᠯᠭᠠᠭᠤᠷᠢᠯᠠᠯ ᠢ ᠰᠠᠶᠢᠲᠤᠷ ᠬᠢᠬᠦ ᠬᠡᠷᠡᠭᠲᠡᠶ ᠭᠡᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号