ᠬᠤᠰᠢᠭᠤᠨ ᠳᠠᠷᠤᠭ᠎ᠠ ᠵᠣᠣ ᠶᠠᠨ ᠬᠤᠩ 2022 ᠣᠨ ᠤ 8 ᠳ᠋ᠤᠭᠠᠷ ᠤᠳᠠᠭᠠᠨ ᠤ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/10/21
ᠬᠤᠰᠢᠭᠤᠨ ᠳᠠᠷᠤᠭ᠎ᠠ ᠵᠣᠣ ᠶᠠᠨ ᠬᠤᠩ 2022 ᠣᠨ ᠤ 8 ᠳ᠋ᠤᠭᠠᠷ ᠤᠳᠠᠭᠠᠨ ᠤ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ    10 ᠳ᠋ᠤᠭᠠᠷ ᠰᠠᠷ᠎ᠠ ᠶᠢᠨ 20 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ 2022 ᠣᠨ ᠤ 8 ᠳ᠋ᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢ ᠬᠦᠶ ᠹᠠᠩ᠂ ᠸᠠᠩ ᠸᠧᠨ ᡁᠢ᠂ ᠳᠡᠳ᠋ ᠬᠤᠰᠢᠭᠣᠨ ᠳᠠᠷᠤᠭ᠎ᠠ ᠪᠢᠴᠢᠭᠲᠦ ᠂ ᠸᠠᠩ ᠯᠢ ᠭᠦᠸᠧ᠂ ᠮᠠ ᠶᠦᠩ ᠭᠠᠩ᠂ ᠰᠢᠶ᠋ᠸ ᠶᠦᠨ ᠰᠥᠩ᠂ ᠢ ᠰᠢᠤ ᠴᠢᠤᠸᠠᠨ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠶᠧ ᠹᠸᠩ ᠭᠦᠸᠧ ᠵᠢᠴᠢ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃    ᠬᠤᠷᠠᠯ ᠠᠴᠠ ︽ᠲᠠᠪᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ︾ ᠠᠵᠢᠯ ᠤᠨ ᠠᠬᠢᠴᠠ᠂ 2022 ᠣᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠵᠡᠷᠭᠡ ᠬᠤᠯᠪᠣᠭᠳᠠᠯ ᠪᠥᠬᠦᠶ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠠᠷᠠᠴᠢᠨ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠤᠰᠢᠶᠠᠬᠤ ᠠᠷᠭ᠎ᠠ︾ ᠶᠢ ᠬᠢᠨᠠᠨ ᠶᠠᠷᠢᠯᠴᠠᠵᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠵᠢᠭᠠᠭᠰᠠᠨ ᠨᠢ ᠂ ︽ᠲᠠᠪᠤᠨ ᠶᠡᠭᠡ ᠡᠬᠢᠯᠡᠯᠲᠡ︾ ᠶᠢᠨ ᠠᠵᠢᠯᠯᠠᠭ᠎ᠠ ᠶᠢ ᠥᠷᠨᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠶᠢᠨ ᠬᠢᠭᠰᠡᠨ ᠴᠢᠬᠤᠯᠠ ᠪᠠᠶᠢᠷᠢᠯᠠᠭᠤᠯᠤᠯᠲᠠ ᠪᠣᠯᠤᠨ᠎ᠠ᠂ ᠠᠵᠤ ᠠᠬᠤᠢ ᠶᠢᠨ ᠬᠦᠷᠢᠶᠡᠨ ᠳᠤ ᠤᠷᠳᠤ ᠬᠤᠭᠤᠴᠠᠭ᠎ᠠ ᠪᠠᠷ ᠣᠷᠣᠰᠢᠵᠤ ᠪᠠᠶᠢᠭᠰᠠᠨ ᠴᠢᠨᠠᠷ ᠮᠠᠭᠤ ᠦᠷ᠎ᠡ ᠠᠰᠢᠭ ᠢᠶᠠᠷ ᠳᠣᠣᠷ᠎ᠠ᠂ ᠰᠤᠯᠠ ᠲᠠᠯᠪᠢᠵᠤ ᠪᠦᠷᠢᠯᠭᠡᠨ ᠰᠦᠢᠳᠬᠡᠬᠦ ᠵᠡᠷᠭᠡ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠤᠨ᠎ᠠ᠃ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠦᠵᠡᠯ ᠰᠠᠨᠠᠭᠠᠨ ᠤ ᠲᠠᠨᠢᠯᠲᠠ ᠪᠠᠨ ᠭᠦᠨᠵᠡᠭᠡᠶᠢᠷᠡᠭᠦᠯᠵᠦ᠂ ᠦᠨᠡᠨᠬᠦ ᠤᠯᠤᠰ ᠲᠦᠷᠦ ᠶᠢ ᠡᠷᠬᠢᠮᠯᠡᠬᠦ᠂ ᠶᠡᠭᠡ ᠲᠠᠯ᠎ᠠ ᠶᠢ ᠡᠷᠬᠢᠮᠯᠡᠬᠦ ᠳᠡᠭᠡᠳᠦ ᠬᠡᠮᠵᠢᠶᠡᠨ ᠠᠴᠠ ︽ᠲᠠᠪᠤᠨ ᠶᠡᠭᠡ ᠡᠬᠢᠯᠡᠯᠲᠡ︾ ᠶᠢᠨ ᠲᠤᠰᠬᠠᠢ ᠠᠵᠢᠯᠯᠠᠭ᠎ᠠ ᠶᠢ ᠲᠠᠨᠢᠬᠤ ᠪᠠ ᠠᠬᠢᠭᠤᠯᠬᠤ ᠬᠡᠷᠡᠭᠲᠡᠢ᠃ ᠲᠥᠷᠥ ᠶᠢᠨ ᠪᠣᠳᠣᠯᠭ᠎ᠠ ᠪᠠ ᠡᠭᠦᠷᠭᠡ ᠶᠢᠨ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ︽ᠬᠠᠭᠠᠰ ᠳᠤᠲᠠᠭᠤ︾ ᠢᠨᠵᠧᠨᠧᠷᠢᠩ᠂ ᠰᠤᠯᠠ ᠪᠠᠶᠢᠬᠤ ᠭᠠᠵᠠᠷ ᠰᠢᠷᠣᠶ᠂ ᠳᠠᠷᠤᠭᠳᠠᠵᠤ ᠪᠠᠶᠢᠭ᠎ᠠ ᠪᠠᠯᠠ ᠮᠥᠩᠭᠦ ᠵᠡᠷᠭᠡ ᠠᠰᠠᠭᠤᠳᠠᠯ ᠳᠤ ᠦᠨᠡᠨ ᠠᠴᠠ ᠵᠥᠪ ᠢ ᠡᠷᠢᠵᠦ ᠪᠥᠬᠦ ᠲᠠᠯ᠎ᠠ ᠪᠠᠷ ᠡᠬᠢᠯᠡᠯᠲᠡ ᠬᠢᠵᠦ᠂ ᠠᠰᠠᠭᠤᠳᠠᠯ ᠤᠨ ᠰᠠᠭᠤᠷᠢ ᠲᠤᠭ᠎ᠠ ᠶᠢ ᠲᠣᠳᠣᠷᠬᠠᠶ ᠤᠶᠢᠯᠠᠭᠠᠨ᠂ ᠲᠦᠷᠦᠯ ᠵᠦᠢᠯ ᠬᠤᠪᠢᠶᠠᠨ ᠡᠬᠡ ᠲᠠᠩᠰᠠ ᠪᠠᠶᠢᠭᠤᠯᠵᠤ᠂ ᠡᠯ᠎ᠡ ᠲᠥᠷᠥᠯ ᠤᠨ ᠠᠰᠠᠭᠤᠳᠠᠯ ᠢ ᠠᠯᠢ ᠲᠦᠷᠭᠡᠨ ᠢᠶᠠᠷ ᠢᠯᠭᠠᠷᠠᠭᠤᠯᠤᠨ ᠳᠣᠤᠷ᠎ᠠ ᠨᠢ ᠭᠠᠷᠭᠠᠬᠤ ᠶᠢ ᠯᠠᠪᠳᠠᠭᠤᠨ ᠪᠠᠲᠤᠲᠠᠶ ᠳᠥᠯᠭᠢᠨ ᠠᠬᠢᠭᠤᠯᠵᠤ᠂ ᠲᠣᠳᠣᠷᠬᠠᠶ ᠬᠠᠷᠭᠤᠭᠤᠯᠤᠨ ᠪᠠᠶᠢᠴᠠᠭᠠᠵᠤ᠂ ᠣᠨᠣᠪᠴᠢᠲᠠᠶ ᠮᠠᠭᠠᠳᠯᠠᠨ ᠲᠣᠭᠲᠠᠭᠠᠵᠤ᠂ ᠲᠦᠢᠯᠪᠤᠷᠢᠲᠠᠶ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ︽ᠲᠠᠪᠤᠨ ᠦᠨᠳᠦᠰᠦᠨ ᠵᠦᠢᠯ ᠠᠴᠠ ᠡᠬᠢᠯᠡᠬᠦ︾ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠠᠰᠠᠭᠤᠳᠠᠯ ᠤᠨ ᠡᠭᠦᠰᠦᠭᠰᠡᠨ ᠰᠢᠯᠲᠠᠭᠠᠨ ᠢ ᠪᠦᠬᠦ ᠲᠠᠯ᠎ᠠ ᠪᠠᠷ ᠵᠠᠳᠠᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠡᠶᠢᠮᠦᠷᠬᠦ ᠠᠰᠠᠭᠤᠳᠠᠯ ᠤᠨ ᠲᠠᠬᠢᠨ ᠡᠭᠦᠰᠬᠦ ᠶᠢ ᠡᠬᠢ ᠡᠭᠦᠰᠦᠯ ᠠᠴᠠ ᠨᠢ ᠬᠤᠷᠢᠭᠯᠠᠵᠤ᠂ ᠡᠯ᠎ᠡ ᠲᠦᠷᠦᠯ ᠤᠨ ᠡᠬᠢ ᠪᠠᠶᠠᠯᠢᠭ ᠤᠨ ᠡᠯᠧᠮᠧᠨ᠋ᠲ ᠢ ᠵᠣᠬᠢᠰᠲᠠᠢ ᠲᠤᠬᠢᠷᠠᠭᠤᠯᠬᠤ᠂ ᠥᠨᠳᠥᠷ ᠪᠦᠲᠦᠮᠵᠢᠲᠡᠢ ᠠᠰᠢᠭᠯᠠᠬᠤ ᠶᠢ ᠠᠬᠢᠭᠤᠯᠬᠤ ᠬᠡᠷᠡᠭᠲᠡᠢ ᠭᠡᠵᠠᠢ ᠃    ᠬᠤᠷᠠᠯ ᠠᠴᠠ ᠴᠢᠬᠤᠯᠠᠴᠢᠯᠠᠭᠰᠠᠨ ᠨᠢ ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠣᠯ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠂ ᠤᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠪᠠ ᠬᠤᠳᠠ ᠶᠢᠨ ᠦᠵᠡᠮᠵᠢ ᠂ ᠣᠷᠴᠢᠨ ᠲᠣᠭᠤᠷᠢᠨ ᠢ ᠳᠡᠭᠡᠭᠰᠢᠯᠡᠭᠦᠯᠬᠦ ᠲᠠᠢ ᠬᠤᠯᠪᠣᠭᠳᠠᠨ᠎ᠠ᠃ ᠥᠭᠡᠷᠡᠴᠢᠯᠡᠨ ᠪᠠᠶᠢᠭᠤᠯᠬᠤ ᠠᠵᠢᠯ ᠤᠨ ᠠᠬᠢᠴᠠ ᠶᠢ ᠲᠦᠷᠭᠡᠳᠬᠡᠵᠦ᠂ ᠪᠠᠷᠢᠯᠭ᠎ᠠ ᠶᠢᠨ ᠲᠥᠯᠥᠪᠯᠡᠭᠡ ᠶᠢᠨ ᠱᠠᠭᠠᠷᠳᠠᠯᠭ᠎ᠠ ᠲᠠᠢ ᠨᠠᠷᠢᠨ ᠬᠢᠨᠠᠮᠠᠭᠠᠢ ᠬᠠᠷᠢᠴᠠᠭᠤᠯᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠦᠲᠦᠮᠵᠢᠲᠡᠢ ᠪᠠᠷᠢᠯᠭ᠎ᠠ ᠶᠢᠨ ᠴᠠᠭ ᠢ ᠡᠵᠡᠮᠳᠡᠵᠦ᠂ ᠥᠭᠡᠷᠡᠴᠢᠯᠡᠨ ᠪᠠᠶᠢᠭᠤᠯᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠲᠠᠢ ᠤᠶᠠᠯᠳᠤᠭᠤᠯᠤᠨ᠂ ᠬᠠᠮᠢᠶᠠᠷᠤᠯᠲᠠ ᠪᠠ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠰᠣᠳᠣᠨ ᠢᠨᠵᠧᠨᠧᠷᠢᠩ ᠢ ᠪᠣᠶ ᠪᠣᠯᠭᠠᠵᠤ᠂ ᠬᠤᠲᠠ ᠶᠢᠨ ᠶᠠᠰᠤ ᠴᠢᠨᠠᠷ ᠢ ᠳᠠᠬᠢᠨ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠶ᠃ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢᠶᠠᠨ ᠦᠨᠡᠨᠬᠦ ᠳᠡᠭᠡᠭᠰᠢᠯᠡᠭᠦᠯᠵᠦ᠂ ᠠᠮᠤᠷ ᠲᠦᠪᠰᠢᠨ ᠤ ᠪᠣᠯᠪᠠᠰᠤᠨ ᠢᠶᠠᠷ ᠪᠠᠷᠢᠯᠭ᠎ᠠ ᠪᠠᠷᠢᠬᠤ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠠᠵᠢᠯᠳᠠᠨ ᠢ ᠪᠣᠯᠪᠠᠰᠤᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ ᠭᠡᠵᠠᠢ ᠃    ᠬᠤᠷᠠᠯ ᠠᠴᠠ ᠱᠠᠭᠠᠷᠳᠠᠭᠰᠠᠨ ᠨᠢ ᠂ ᠡᠮ ᠡᠮᠨᠡᠯᠭᠡ ᠶᠢᠨ ᠪᠠᠲᠤᠯᠠᠭ᠎ᠠ ᠪᠣᠯ ᠤᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠬᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠴᠢᠬᠤᠯᠠ ᠶᠡᠭᠡ ᠰᠠᠭᠤᠷᠢ ᠢᠨᠵᠧᠨᠧᠷᠢᠩ ᠪᠣᠯᠤᠨ᠎ᠠ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠠᠲᠠᠪᠤᠷᠢᠯᠠᠨ ᠲᠤᠰᠢᠶᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠢᠨᠵᠧᠨᠧᠷᠢᠩ ᠢ ᠦᠨᠡᠨᠬᠦ ᠰᠠᠶᠢᠲᠤᠷ᠂ ᠪᠣᠳᠠᠲᠠᠶ ᠡᠷᠭᠢᠯᠡᠵᠦ᠂ ᠦᠷ᠎ᠡ ᠪᠦᠲᠦᠮᠵᠢ ᠭᠠᠷᠭᠠᠬᠤ ᠬᠡᠷᠡᠭᠲᠡᠶ᠃ ᠪᠠᠯᠠ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠵᠢᠷᠤᠮᠵᠢᠭᠤᠯᠤᠨ ᠵᠦᠶ ᠵᠣᠬᠢᠰᠲᠠᠶ ᠬᠡᠷᠡᠭᠯᠡᠵᠦ᠂ ᠲᠣᠭᠲᠠᠭᠠᠯ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠶ᠃ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠳ ᠬᠦᠴᠦ ᠪᠠᠨ ᠬᠠᠮᠲᠤᠳᠬᠠᠨ ᠬᠠᠮᠵᠢᠯᠴᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠤᠷᠢᠶᠠᠨ ᠠᠪᠴᠤ ᠬᠥᠮᠥᠷᠭᠡ ᠳᠤ ᠣᠷᠣᠭᠤᠯᠬᠤ᠂ ᠮᠡᠳᠡᠭᠡ ᠵᠠᠩᠭᠢ ᠴᠤᠭᠯᠠᠭᠤᠯᠬᠤ᠂ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠵᠡᠷᠭᠡ ᠠᠵᠢᠯ ᠢ ᠦᠨᠡᠨᠬᠦ ᠰᠠᠶᠢᠲᠤᠷ ᠬᠢᠵᠦ᠂ ᠲᠠᠲᠠᠪᠤᠷᠢᠯᠠᠨ ᠲᠤᠰᠢᠶᠠᠬᠤ ᠠᠵᠢᠯ ᠤᠨ ᠪᠠᠴᠢᠮ ᠶᠠᠭᠠᠷᠠᠯᠲᠠᠶ ᠪᠥᠭᠡᠳ ᠡᠮᠬᠢ ᠵᠢᠷᠤᠮ ᠲᠠᠢ ᠥᠷᠨᠢᠬᠦ ᠶᠢ ᠦᠨᠡᠨᠬᠦ ᠪᠠᠲᠤᠯᠠᠵᠤ᠂ ᠲᠠᠲᠠᠪᠤᠷᠢᠯᠠᠨ ᠲᠤᠰᠢᠶᠠᠬᠤ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ ᠭᠡᠵᠠᠢ ᠃    ᠬᠤᠷᠠᠯ ᠠᠴᠠ ᠪᠠᠰᠠ ᠪᠤᠰᠤᠳ ᠵᠦᠢᠯᠡᠰ ᠢ ᠰᠣᠨᠣᠰᠴᠤ ᠰᠤᠳᠤᠯᠪᠠ᠃    ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2022 ᠣᠨ ᠤ 9 ᠳ᠋ᠦᠭᠡᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠬᠢᠭᠰᠡᠨ ᠢᠯᠡᠳᠬᠡᠯ ᠢ ᠰᠤᠷᠤᠯᠴᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠣᠯᠣᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ᠂ 9 ᠰᠠᠷ᠎ᠠ ᠶᠢᠨ 9 ᠤ ᠡᠳᠦᠷ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠢᠨ ᠳᠣᠯᠣᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠂ ︽ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠠᠵᠢᠯ ᠢ ᠴᠢᠨᠠᠭᠰᠢᠳᠠ ᠠᠬᠢᠭᠤᠯᠬᠤ ᠲᠤᠬᠠᠢ ᠰᠠᠨᠠᠯ︾ ᠤᠨ ᠮᠡᠳᠡᠭᠳᠡᠯ᠂ ︽ᠤᠯᠠᠭᠠᠨᠬᠠᠳᠠ ᠬᠤᠳᠠ ᠶᠢᠨ ᠺᠠᠳ᠋ᠷ ᠤᠨ ᠬᠠᠮᠢᠶᠠᠷᠤᠯᠲᠠ ᠶᠢ ᠴᠢᠩᠭᠠᠳᠬᠠᠵᠤ ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠤᠨ ᠵᠣᠷᠢᠭᠵᠢᠭᠤᠯᠬᠤ ᠪᠠᠷ ᠠᠷᠭ᠎ᠠ ᠬᠡᠮᠵᠢᠶ᠎ᠡ ︵ᠲᠤᠷᠰᠢᠨ ᠬᠡᠷᠡᠭᠵᠢᠭᠦᠯᠬᠦ︶︾ ᠤᠨ ᠮᠡᠳᠡᠭᠳᠡᠯ᠃ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠬᠤ ᠪᠠᠭᠤᠯᠭᠠᠬᠤ ᠶᠠᠪᠤᠳᠠᠯ ᠪᠠ ᠬᠤᠰᠢᠭᠤᠨ ᠤ ᠡᠮᠨᠡᠯᠭᠡ ᠶᠢᠨ ᠬᠤᠷᠢᠶ᠎ᠠ᠂ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠶᠢ ᠨᠡᠭᠦᠯᠭᠡᠬᠦ ᠵᠡᠷᠭᠡ ᠶᠠᠪᠤᠳᠠᠯ ᠢ ᠰᠤᠳᠤᠯᠤᠪᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号