ᠬᠤᠰᠢᠭᠤ ᠨᠠᠮ ᠤᠨ ᠬᠤᠷᠢᠶᠠᠨ ᠤ ᠱᠦᠵᠢ ᠹᠠᠩ ᠷᠦᠢ ᠱᠠᠩᠬᠠᠶ ᠶᠢᠨ ᠾᠦᠢ ᠵᠢᠶ ᠡᠮ ᠤᠨ ᠦᠢᠯᠡᠰ ᠤᠨ ᠡᠤ ᠬᠦ᠋ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠨ ᠴᠠᠩ ᠡᠦ ᠨᠡᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2022/10/26
ᠬᠤᠰᠢᠭᠤ ᠨᠠᠮ ᠤᠨ ᠬᠤᠷᠢᠶᠠᠨ ᠤ ᠱᠦᠵᠢ ᠹᠠᠩ ᠷᠦᠢ ᠱᠠᠩᠬᠠᠶ ᠶᠢᠨ ᠾᠦᠢ ᠵᠢᠶ ᠡᠮ ᠤᠨ ᠦᠢᠯᠡᠰ ᠤᠨ ᠡᠤ ᠬᠦ᠋ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠨ ᠴᠠᠩ ᠡᠦ ᠨᠡᠷ ᠲᠠᠢ ᠠᠭᠤᠯᠵᠠᠪᠠ    10 ᠰᠠᠷ᠎ᠠ ᠶᠢᠨ 26 ᠤ ᠦᠳᠡ ᠶᠢᠨ ᠬᠤᠶᠢᠨ᠎ᠠ᠂ ᠬᠤᠰᠢᠭᠤ ᠨᠠᠮ ᠤᠨ ᠬᠤᠷᠢᠶᠠᠨ ᠤ ᠱᠦᠵᠢ ᠹᠠᠩ ᠷᠦᠢ ᠱᠠᠩᠬᠠᠶ ᠶᠢᠨ ᠾᠦᠢ ᠵᠢᠶ ᠡᠮ ᠤᠨ ᠦᠢᠯᠡᠰ ᠤᠨ ᠡᠤ ᠬᠦ᠋ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠨ ᠴᠠᠩ ᠦ᠋ ᠨᠡᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠣᠲᠣ ᠦᠶ᠎ᠡ ᠶᠢᠨ ᠣᠶ ᠶᠢᠨ ᠬᠤᠷᠮᠣᠶ ᠶᠢᠨ ᠬᠢᠲᠠᠳ ᠡᠮ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠤᠬᠠᠶ ᠠᠩᠬ᠎ᠠ ᠠᠯᠬᠤᠮ ᠬᠠᠮᠲᠤ ᠶᠢᠨ ᠲᠠᠨᠢᠯᠲᠠ ᠲᠠᠢ ᠪᠤᠯᠪᠠ᠃    ᠹᠠᠩ ᠷᠦᠢ ᠯᠢᠨ ᠴᠠᠩ ᠡᠦ ᠨᠡᠷ ᠤᠨ ᠬᠠᠷᠠᠴᠢᠨ ᠬᠤᠰᠢᠭᠤᠨ ᠳᠤ ᠬᠦᠷᠴᠦ ᠰᠢᠨᠵᠢᠯᠡᠨ ᠪᠠᠶᠢᠴᠠᠭᠠᠵᠤ ᠪᠡᠯᠡ ᠣᠷᠣᠭᠤᠯᠤᠭᠰᠠᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠬᠠᠷᠠᠴᠢᠨ ᠬᠤᠰᠢᠭᠤᠨ ᠤ ᠤᠢ ᠰᠢᠭᠤᠢ ᠶᠢᠨ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠲᠠᠨᠢᠯᠴᠠᠭᠤᠯᠪᠠ᠃     ᠹᠠᠩ ᠷᠦᠢ ᠵᠢᠭᠠᠵᠤ ᠭᠠᠷᠭᠠᠭᠰᠠᠨ ᠨᠢ᠂ ᠤᠢᠢᠷ᠎ᠠ ᠶᠢᠨ ᠵᠢᠯ ᠠᠴᠠ ᠨᠠᠰᠢ ᠬᠠᠷᠠᠴᠢᠨ ᠬᠤᠰᠢᠭᠤ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠠᠮᠢ ᠠᠬᠤᠢ ᠶᠢᠨ ᠳᠠᠪᠠᠭᠤᠯᠢᠭ ᠢ ᠦᠷᠭᠦᠯᠵᠢᠯᠡᠨ ᠵᠤᠵᠠᠭᠠᠳᠬᠠᠵᠤ᠂ ᠤᠢ ᠰᠢᠭᠤᠢ ᠶᠢᠨ ᠠᠵᠤ ᠠᠬᠤᠢ ᠶᠢᠨ ᠳᠠᠪᠠᠭᠤᠯᠢᠭ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠠᠵᠤ ᠠᠬᠤᠢ ᠶᠢᠨ ᠦᠷ᠎ᠡ ᠠᠰᠢᠭ ᠪᠣᠯᠤᠨ ᠠᠮᠢ ᠠᠬᠤᠢ ᠶᠢᠨ ᠦᠷ᠎ᠡ ᠠᠰᠢᠭ ᠵᠡᠷᠭᠡ ᠪᠠᠷ ᠠᠰᠢᠭ ᠬᠦᠷᠳᠡᠬᠦ ᠬᠥᠭᠵᠢᠯᠲᠡ ᠶᠢᠨ ᠰᠢᠨ᠎ᠡ ᠵᠠᠮ ᠢ ᠠᠯᠬᠤᠮ ᠠᠯᠬᠤᠮ ᠢᠶᠠᠷ ᠨᠡᠭᠡᠭᠡᠵᠡᠢ᠃    ᠹᠠᠩ ᠷᠦᠢ ᠵᠢᠭᠠᠵᠤ ᠭᠠᠷᠭᠠᠭᠰᠠᠨ ᠨᠢ᠂ ᠬᠠᠷᠠᠴᠢᠨ ᠬᠤᠰᠢᠭᠤᠨ ᠤ ᠣᠶ ᠰᠢᠭᠤᠶ ᠳᠤ ᠬᠡᠷᠡᠭᠯᠡᠬᠦ ᠭᠠᠵᠠᠷ ᠤᠨ ᠲᠠᠯᠠᠪᠠᠶ 308 ᠲᠦᠮᠡᠨ ᠮᠥ᠂ ᠣᠶ ᠰᠢᠭᠤᠶ ᠶᠢᠨ ᠲᠠᠯᠠᠪᠠᠶ 275 ᠲᠦᠮᠡᠨ ᠮᠥ ᠪᠠᠶᠢᠵᠤ᠂ ᠣᠶ ᠰᠢᠭᠤᠶ ᠶᠢᠨ ᠠᠵᠤ ᠠᠬᠤᠶ ᠶᠢ ᠬᠥᠭᠵᠢᠭᠦᠯᠬᠦ ᠳᠤ ᠬᠡᠷᠡᠭᠯᠡᠵᠦ ᠪᠣᠯᠬᠤ ᠣᠶᠢᠲᠤ ᠭᠠᠵᠠᠷ 140 ᠲᠦᠮᠡᠨ ᠮᠥ ᠳᠤ ᠬᠦᠷᠴᠦ᠂ ᠡᠬᠢ ᠪᠠᠶᠠᠯᠢᠭ ᠤᠨ ᠳᠠᠪᠠᠭᠤᠯᠢᠭ ᠲᠠᠯ᠎ᠠ ᠨᠢ ᠣᠯᠠᠨ ᠠᠴᠠ ᠣᠨᠴᠠᠭᠠᠶ ᠪᠠᠶᠢᠳᠠᠭ᠃ ᠪᠥᠬᠦ ᠬᠤᠰᠢᠭᠤᠨ ᠤ ᠬᠢᠲᠠᠳ ᠮᠣᠩᠭᠤᠯ ᠤᠨ ᠡᠮ ᠤᠨ ᠮᠠᠲ᠋ᠧᠷᠢᠶᠠᠯ ᠤᠨ ᠳᠠᠷᠢᠬᠤ ᠲᠠᠯᠠᠪᠠᠶ 10 ᠲᠦᠮᠡᠨ ᠮᠥ ᠳᠤ ᠬᠦᠷᠴᠦ᠂ ᠶᠡᠷᠦᠩᠬᠡᠶ ᠵᠢᠯ ᠤᠨ ᠦᠢᠯᠡᠳᠬᠦᠨ ᠤ ᠥᠷᠲᠡᠭ ᠨᠢ 30 ᠳ᠋ᠦᠩᠰᠢᠭᠤᠷ ᠲᠥᠭᠦᠷᠢᠭ ᠢ ᠳᠠᠪᠠᠵᠤ᠂ ᠨᠢᠤ ᠵᠢᠶᠠ ᠢᠩᠽᠢ ᠪᠠᠯᠭᠠᠰᠤ ᠪᠣᠯ ᠮᠠᠨ ᠤ ᠤᠯᠤᠰ ᠤᠨ ᠤᠮᠠᠷᠠᠲᠤ ᠶᠢᠨ ᠵᠢᠩᠬᠢᠨᠢ ᠡᠮ ᠤᠨ ᠮᠠᠲ᠋ᠧᠷᠢᠶᠠᠯ ᠤᠨ ᠭᠤᠤᠯ ᠭᠠᠷᠤᠯᠲᠠ ᠶᠢᠨ ᠭᠠᠵᠠᠷ ᠮᠥᠨ᠂ ᠬᠢᠲᠠᠳ ᠡᠮ ᠤᠨ ᠮᠠᠲ᠋ᠧᠷᠢᠶᠠᠯ ᠤᠨ ᠳᠠᠷᠢᠬᠤ ᠣᠷᠴᠢᠨ ᠲᠣᠭᠤᠷᠢᠨ ᠨᠢ ᠲᠣᠬᠢᠷᠠᠮᠵᠢᠲᠠᠶ᠃ ᠪᠥᠬᠦ ᠬᠤᠰᠢᠭᠤᠨ ᠤ ᠣᠶ ᠶᠢᠨ ᠬᠤᠷᠮᠣᠶ ᠶᠢᠨ ᠡᠮ ᠤᠨ ᠮᠠᠲ᠋ᠧᠷᠢᠶᠠᠯ ᠤᠨ ᠳᠠᠷᠢᠬᠤ ᠲᠠᠯᠠᠪᠠᠶ 8500 ᠮᠥ ᠳᠤ ᠬᠦᠷᠴᠦ᠂ ᠣᠶ ᠶᠢᠨ ᠬᠤᠷᠮᠣᠶ ᠶᠢᠨ ᠢᠳᠡᠭᠡᠨ ᠤ ᠮᠥᠭᠦ ᠶᠢᠨ ᠳᠠᠷᠢᠬᠤ ᠲᠠᠯᠠᠪᠠᠶ 3500 ᠮᠥ ᠳᠤ ᠬᠦᠷᠴᠦ᠂ ᠦᠢᠯᠡᠳᠬᠦᠨ ᠤ ᠶᠡᠷᠦᠩᠬᠡᠶ ᠥᠷᠲᠡᠭ 1.3 ᠳ᠋ᠦᠩᠰᠢᠭᠤᠷ ᠲᠥᠭᠦᠷᠢᠭ ᠲᠤ ᠬᠦᠷᠴᠦ᠂ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠪᠠᠲᠤ ᠪᠠᠬᠢ ᠪᠠᠶᠢᠨ᠎ᠠ᠃    ᠹᠠᠩ ᠷᠦᠢ ᠴᠢᠬᠤᠯᠠᠴᠢᠯᠠᠭᠰᠠᠨ ᠨᠢ᠂ ᠠᠵᠤ ᠠᠬᠤᠢᠯᠠᠯᠲᠠᠳ ᠬᠠᠷᠠᠴᠢᠨ ᠬᠤᠰᠢᠭᠤᠨ ᠳᠤ ᠢᠷᠡᠵᠦ ᠪᠠᠯᠠ ᠣᠷᠣᠭᠤᠯᠤᠨ ᠦᠢᠯᠡᠰ ᠬᠥᠭᠵᠢᠭᠦᠯᠬᠦ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠨ᠎ᠠ᠂ ᠱᠠᠩᠬᠠᠶ ᠶᠢᠨ ᠾᠦᠢ ᠵᠢᠶ ᠡᠮ ᠤᠨ ᠦᠢᠯᠡᠰ ᠤᠨ ᠡᠤ ᠬᠦ᠋ ᠬᠢᠵᠠᠭᠠᠷᠲᠤ ᠺᠣᠮᠫᠠᠨᠢ ᠬᠠᠷᠠᠴᠢᠨ ᠬᠤᠰᠢᠭᠤ ᠯᠤᠭ᠎ᠠ ᠶᠢᠨ ᠵᠣᠯᠭᠠᠯᠴᠠᠭ᠎ᠠ ᠪᠠ ᠨᠡᠪᠲᠡᠷᠡᠯᠴᠡᠭᠡ ᠰᠣᠯᠢᠯᠴᠠᠭ᠎ᠠ ᠪᠠᠨ ᠴᠢᠩᠭᠠᠳᠬᠠᠵᠤ᠂ ᠬᠤᠶᠠᠷ ᠲᠠᠯ᠎ᠠ ᠶᠢᠨ ᠣᠶ ᠶᠢᠨ ᠬᠤᠷᠮᠣᠶ ᠳᠤ ᠳᠠᠷᠢᠬᠤ᠂ ᠣᠶ ᠰᠢᠭᠤᠶ ᠡᠮ ᠤᠨ ᠵᠦᠶ᠋ᠯ ᠢ ᠳᠡᠯᠭᠡᠷᠡᠭᠦᠯᠬᠦ ᠵᠡᠷᠭᠡ ᠲᠠᠯ᠎ᠠ ᠶᠢᠨ ᠪᠥᠬᠦ ᠲᠠᠯ᠎ᠠ ᠶᠢᠨ ᠬᠠᠮᠲᠤᠷᠠᠯᠴᠠᠭ᠎ᠠ ᠶᠢ ᠭᠠᠷ ᠬᠤᠯᠪᠣᠨ ᠠᠬᠢᠭᠤᠯᠬᠤ ᠶᠢ ᠬᠦᠰᠡᠵᠦ ᠪᠠᠶᠢᠨ᠎ᠠ᠃ ᠬᠠᠷᠠᠴᠢᠨ ᠬᠤᠰᠢᠭᠤ ᠬᠠᠮᠤᠭ ᠤᠨ ᠰᠢᠯᠢᠳᠡᠭ ᠦᠶ᠋ᠯᠡᠴᠢᠯᠡᠭᠡ ᠬᠠᠩᠭᠠᠵᠤ᠂ ᠲᠥᠷᠥᠯ ᠵᠦᠶ᠋ᠯ ᠢ ᠨᠠᠶᠢᠳᠠᠪᠤᠷᠢᠵᠢᠭᠤᠯᠤᠨ ᠠᠵᠤ ᠠᠬᠤᠶᠢᠯᠠᠯ ᠤᠨ ᠬᠥᠭᠵᠢᠨ ᠪᠤᠵᠠᠭᠠᠢᠢᠷᠠᠬᠤ ᠶᠢ ᠪᠠᠲᠤᠯᠠᠬᠤ ᠪᠠ ᠳᠡᠮᠵᠢᠬᠦ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠶᠢᠯᠠᠯ ᠪᠣᠯᠤᠨ ᠣᠷᠣᠨ ᠨᠤᠲᠤᠭ ᠤᠨ ᠬᠠᠮᠲᠤ ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃ᠯᠢᠨ ᠴᠠᠩ ᠦ᠋ ᠢᠯᠡᠷᠬᠡᠶᠢᠯᠡᠬᠦ ᠳᠡᠭᠡᠨ᠂ ᠰᠢᠨᠵᠢᠯᠡᠨ ᠪᠠᠶᠢᠴᠠᠭᠠᠬᠤ ᠪᠠ ᠨᠡᠪᠲᠡᠷᠡᠯᠴᠡᠬᠦ ᠪᠠᠷ ᠳᠡᠮᠵᠢᠨ ᠬᠠᠷᠠᠴᠢᠨ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠪᠠ ᠣᠶ ᠰᠢᠭᠤᠶ ᠶᠢᠨ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠶᠢᠨ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠵᠠᠶ᠃ ᠡᠨᠡ ᠤᠳᠠᠭᠠᠨ ᠤ ᠪᠡᠯᠡ ᠣᠷᠣᠭᠤᠯᠤᠯᠲᠠ ᠨᠢ ᠬᠠᠷᠠᠴᠢᠨ ᠬᠤᠰᠢᠭᠤᠨ ᠤ ᠣᠶ ᠶᠢᠨ ᠬᠤᠷᠮᠣᠶ ᠶᠢᠨ ᠬᠢᠲᠠᠳ ᠡᠮ ᠤᠨ ᠮᠠᠲ᠋ᠧᠷᠢᠶᠠᠯ ᠤᠨ ᠭᠠᠵᠠᠷ ᠣᠷᠣᠨ ᠤ ᠡᠬᠢ ᠪᠠᠶᠠᠯᠢᠭ ᠤᠨ ᠳᠠᠪᠠᠭᠤᠯᠢᠭ᠂ ᠬᠢᠲᠠᠳ ᠡᠮ ᠤᠨ ᠮᠠᠲ᠋ᠧᠷᠢᠶᠠᠯ ᠤᠨ ᠣᠷᠴᠢᠨ ᠲᠣᠭᠤᠷᠢᠨ ᠪᠠ ᠣᠶ ᠰᠢᠭᠤᠶ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠰᠢᠭᠯᠠᠵᠤ᠂ ᠬᠠᠷᠠᠴᠢᠨ ᠬᠤᠰᠢᠭᠤᠨ ᠤ ᠮᠠᠶᠢᠷᠠᠨ ᠪᠠᠯᠭᠠᠰᠤᠨ ᠳᠤ ᠣᠶ ᠶᠢᠨ ᠬᠤᠷᠮᠣᠶ ᠶᠢᠨ ᠤᠨᠴᠠᠯᠢᠬᠳᠤ ᠬᠢᠲᠠᠳ ᠡᠮ ᠤᠨ ᠮᠠᠲ᠋ᠧᠷᠢᠶᠠᠯ ᠤᠨ ᠳᠠᠭᠤᠷᠢᠶᠠᠮᠠᠯ ᠬᠡᠭᠡᠷ᠎ᠡ ᠶᠢᠨ ᠲᠠᠷᠢᠮᠠᠯ᠂ ᠰᠢᠨᠵᠢᠯᠡᠬᠦ ᠤᠬᠠᠭᠠᠨ ᠤ ᠰᠤᠳᠤᠯᠭᠠᠨ᠂ ᠡᠳ᠋ᠰᠢᠭᠦᠯᠬᠦ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠠᠷᠠᠯᠵᠢᠶ᠎ᠠ᠂ ᠰᠢᠨ᠎ᠡ ᠲᠥᠷᠥᠯ ᠵᠦᠢᠯ ᠰᠢᠨ᠎ᠡ ᠮᠡᠷᠭᠡᠵᠢᠯ ᠢ ᠣᠷᠣᠭᠤᠯᠤᠨ ᠠᠪᠴᠢᠷᠠᠵᠤ ᠵᠢᠱᠢᠶ᠎ᠡ ᠦᠵᠡᠭᠦᠯᠦᠨ ᠳᠡᠯᠭᠡᠷᠡᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠬᠥᠮᠦᠵᠢᠯ ᠪᠣᠯᠪᠠᠰᠤᠷᠠᠭᠤᠯᠤᠯ᠂ ᠡᠷᠡᠭᠦᠯᠵᠢᠯ ᠰᠤᠪᠢᠯᠠᠯᠲᠠ ᠡᠮᠴᠢᠯᠡᠭᠡ ᠶᠢ ᠨᠢᠭᠡ ᠴᠤᠭᠴᠠᠵᠢᠭᠤᠯᠬᠤ ᠣᠲᠣ ᠦᠶ᠎ᠡ ᠶᠢᠨ ᠣᠶ ᠶᠢᠨ ᠬᠤᠷᠮᠣᠶ ᠶᠢᠨ ᠬᠢᠲᠠᠳ ᠡᠮ ᠤᠨ ᠠᠵᠤ ᠦᠢᠯᠡᠰ ᠤᠨ ᠰᠦᠷᠦᠭᠵᠢᠯ ᠢ ᠪᠥᠲᠥᠭᠡᠨ ᠪᠠᠶᠢᠭᠤᠯᠤᠨ᠎ᠠ᠃     ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠳᠤ 21.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠬᠤᠶᠠᠷ ᠬᠤᠭᠤᠴᠠᠭ᠎ᠠ ᠬᠤᠪᠢᠶᠠᠨ 5 ᠵᠢᠯ ᠤᠨ ᠳᠣᠲᠣᠷ᠎ᠠ ᠪᠥᠲᠥᠭᠡᠨ ᠪᠠᠶᠢᠭᠤᠯᠵᠤ ᠳᠠᠭᠤᠰᠬᠠᠨ᠎ᠠ᠃ ᠨᠢᠭᠡᠳᠦᠭᠡᠷ ᠬᠤᠭᠤᠴᠠᠭᠠᠨ ᠳᠤ 9.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠣᠶ ᠶᠢᠨ ᠬᠤᠷᠮᠣᠶ ᠶᠢᠨ ᠤᠨᠴᠠᠯᠢᠬᠳᠤ ᠬᠢᠲᠠᠳ ᠡᠮ ᠤᠨ ᠮᠠᠲ᠋ᠧᠷᠢᠶᠠᠯ ᠤᠨ GAP ᠪᠠᠷᠢᠮᠵᠢᠶᠠᠵᠢᠭᠤᠯᠤᠭᠰᠠᠨ ᠳᠠᠭᠤᠷᠢᠶᠠᠮᠠᠯ ᠬᠡᠭᠡᠷ᠎ᠡ ᠶᠢᠨ ᠲᠠᠷᠢᠮᠠᠯ ᠤᠨ ᠰᠠᠭᠤᠷᠢᠨ ᠭᠠᠵᠠᠷ᠂ ᠣᠶ ᠶᠢᠨ ᠬᠤᠷᠮᠣᠶ ᠶᠢᠨ ᠬᠢᠲᠠᠳ ᠡᠮ ᠤᠨ ᠮᠠᠲ᠋ᠧᠷᠢᠶᠠᠯ ᠤᠨ ᠦᠷ᠎ᠡ ᠪᠠ ᠵᠤᠯᠵᠠᠭ᠎ᠠ ᠮᠣᠳᠣ ᠶᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ᠂ ᠣᠶ ᠶᠢᠨ ᠬᠤᠷᠮᠣᠶ ᠶᠢᠨ ᠬᠢᠲᠠᠳ ᠡᠮ ᠤᠨ ᠮᠠᠲ᠋ᠧᠷᠢᠶᠠᠯ ᠢ ᠠᠩᠬ᠎ᠠ ᠡᠳ᠋ᠰᠢᠭᠦᠯᠬᠦ ᠰᠠᠭᠤᠷᠢᠨ ᠭᠠᠵᠠᠷ ᠪᠠ ᠣᠶ ᠶᠢᠨ ᠬᠤᠷᠮᠣᠶ ᠶᠢᠨ ᠬᠢᠲᠠᠳ ᠡᠮ ᠤᠨ ᠠᠵᠤ ᠦᠢᠯᠡᠰ ᠤᠨ ᠰᠤᠳᠤᠯᠤᠨ ᠨᠡᠭᠡᠭᠡᠬᠦ ᠲᠥᠪ ᠢ ᠪᠥᠲᠥᠭᠡᠨ ᠪᠠᠶᠢᠭᠤᠯᠤᠨ᠎ᠠ︔ ᠬᠤᠶᠠᠳᠤᠭᠠᠷ ᠬᠤᠭᠤᠴᠠᠭᠠᠨ ᠳᠤ 12 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠣᠶ ᠶᠢᠨ ᠬᠤᠷᠮᠣᠶ ᠶᠢᠨ ᠬᠢᠲᠠᠳ ᠡᠮ ᠤᠨ ᠮᠠᠲ᠋ᠧᠷᠢᠶᠠᠯ ᠤᠨ GMP ᠡᠳ᠋ᠰᠢᠭᠦᠯᠬᠦ᠂ ᠬᠢᠲᠠᠳ ᠡᠮ ᠤᠨ ᠢᠳᠡᠭᠡᠨ ᠡᠳ᠋ᠰᠢᠭᠦᠯᠬᠦ᠂ ᠬᠢᠲᠠᠳ ᠡᠮ ᠤᠨ ᠮᠠᠲ᠋ᠧᠷᠢᠶᠠᠯ ᠤᠨ ᠪᠠᠷᠠᠭᠠᠨ ᠤ ᠬᠦᠢᠯᠭᠡᠭᠡᠨ ᠤ ᠠᠷᠠᠯᠵᠢᠶᠠᠨ ᠤ ᠲᠥᠪ ᠪᠠ ᠣᠶ ᠰᠢᠭᠤᠶ ᠶᠢᠨ ᠬᠢᠲᠠᠳ ᠡᠮ ᠤᠨ ᠡᠷᠡᠭᠦᠯᠵᠢᠯ ᠰᠤᠪᠢᠯᠠᠯᠲᠠ ᠶᠢᠨ ᠡᠮᠴᠢᠯᠡᠭᠡᠨ ᠤ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号