ᠬᠤᠰᠢᠭᠤᠨ ᠳᠠᠷᠤᠭ᠎ᠠ ᠵᠣᠣ ᠶᠠᠨ ᠬᠤᠩ ᠤᠯᠠᠭᠠᠨᠬᠠᠳᠠ ᠶᠢᠨ ᠬᠤᠩ ᠹᠦ᠋ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠳᠤᠯᠠᠭᠠᠯᠠᠭ᠎ᠠ ᠬᠠᠩᠭᠠᠬᠤ ᠵᠢᠴᠢ ᠪᠣᠬᠢᠷ ᠤᠰᠤ ᠶᠢ ᠰᠢᠢᠳᠪᠦᠷᠢᠯᠡᠬᠦ ᠶᠠᠪᠤᠳᠠᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/10/27
ᠬᠤᠰᠢᠭᠤᠨ ᠳᠠᠷᠤᠭ᠎ᠠ ᠵᠣᠣ ᠶᠠᠨ ᠬᠤᠩ ᠤᠯᠠᠭᠠᠨᠬᠠᠳᠠ ᠶᠢᠨ ᠬᠤᠩ ᠹᠦ᠋ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠳᠤᠯᠠᠭᠠᠯᠠᠭ᠎ᠠ ᠬᠠᠩᠭᠠᠬᠤ ᠵᠢᠴᠢ ᠪᠣᠬᠢᠷ ᠤᠰᠤ ᠶᠢ ᠰᠢᠢᠳᠪᠦᠷᠢᠯᠡᠬᠦ ᠶᠠᠪᠤᠳᠠᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ    10 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ ᠤᠯᠠᠭᠠᠨᠬᠠᠳᠠ ᠶᠢᠨ ᠬᠤᠩ ᠹᠦ᠋ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠳᠤᠯᠠᠭᠠᠯᠠᠭ᠎ᠠ ᠬᠠᠩᠭᠠᠬᠤ ᠵᠢᠴᠢ ᠪᠣᠬᠢᠷ ᠤᠰᠤ ᠶᠢ  ᠰᠢᠢᠳᠪᠦᠷᠢᠯᠡᠬᠦ ᠶᠠᠪᠤᠳᠠᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠠ ᠶᠦᠩ ᠭᠠᠩ᠂ ᠳᠡᠳ᠋ ᠬᠤᠰᠢᠭᠤᠨ ᠳᠠᠷᠤᠭ᠎ᠠ ᠪᠢᠴᠢᠭᠲᠦ᠂ ᠬᠤᠩ ᠹᠦ᠋ ᠪᠦᠯᠦᠭᠯᠡᠯ ᠤᠨ ᠬᠠᠮᠢᠶ᠎ᠠ ᠪᠥᠬᠦᠶ ᠤᠳᠤᠷᠢᠳᠤᠯᠭ᠎ᠠ ᠵᠢᠴᠢ ᠲᠥᠷᠥᠯ ᠵᠦᠢᠯ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃    ᠬᠤᠷᠠᠯ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠬᠤᠷᠠᠯ ᠳᠤ ᠣᠷᠣᠯᠴᠠᠭᠰᠠᠳ ᠠᠬᠢᠭᠤᠯᠬᠤ ᠴᠢᠬᠤᠯᠠᠲᠠᠶ ᠵᠦᠢᠯᠡᠰ ᠤᠨ ᠲᠣᠭᠤᠷᠢᠨ ᠳᠤ ᠵᠣᠬᠢᠴᠠᠭᠤᠯᠤᠨ ᠨᠡᠪᠲᠡᠷᠡᠯᠴᠡᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠬᠢᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠵᠢᠴᠢ ᠠᠰᠠᠭᠤᠳᠠᠯ ᠤᠨ ᠲᠠᠯ᠎ᠠ ᠪᠠᠷ ᠬᠠᠷᠢᠭᠤᠴᠠᠯᠭᠠᠲᠤ ᠨᠢᠭᠡᠴᠡ ᠪᠠ ᠭᠦᠢᠴᠡᠳᠬᠡᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ  ᠭᠡᠵᠠᠢ᠃    ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠵᠣᠬᠢᠴᠠᠭᠤᠯᠤᠨ ᠬᠠᠮᠵᠢᠯᠴᠠᠵᠤ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠤᠷᠢᠳᠴᠢᠯᠠᠨ ᠦᠢᠯᠡᠴᠢᠯᠡᠨ ᠂ ᠡᠯ᠎ᠡ ᠲᠥᠷᠥᠯ ᠤᠨ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠪᠥᠲᠥᠭᠡᠨ ᠪᠠᠶᠢᠭᠤᠯᠤᠯᠲᠠ ᠶᠢᠨ ᠬᠦᠴᠢᠷ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠵᠦ ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠬᠦᠴᠢᠷ ᠲᠦᠪᠡᠭᠲᠡᠶ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠮᠬᠢ ᠵᠢᠷᠤᠮ ᠲᠠᠢ ᠥᠷᠨᠢᠬᠦ ᠶᠢ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠪᠠᠷ ᠳᠥᠯᠭᠢᠨ ᠠᠬᠢᠭᠤᠯᠬᠤ ᠬᠡᠷᠡᠭᠲᠡᠶ︔ ᠠᠵᠢᠯ ᠤᠨ ᠠᠬᠢᠴᠠ ᠪᠠᠨ ᠲᠦᠷᠭᠡᠳᠬᠡᠵᠦ᠂ ᠠᠵᠢᠯ ᠤᠨ ᠬᠠᠷᠠᠯᠲᠠ ᠪᠠᠨ ᠲᠣᠭᠲᠠᠭᠠᠵᠤ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠲᠥᠯᠥᠪᠯᠡᠭᠡ ᠲᠠᠢ ᠬᠠᠷᠢᠴᠠᠭᠤᠯᠵᠤ᠂ ᠪᠠᠷᠢᠯᠭ᠎ᠠ ᠶᠢᠨ ᠬᠤᠭᠤᠴᠠᠭ᠎ᠠ ᠪᠠᠨ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠭᠦᠵᠦ ᠪᠠᠶᠢᠯᠳᠤᠵᠤ᠂ ᠲᠦᠷᠦᠯ ᠵᠦᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ︔ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠵᠢᠷᠤᠵᠤ ᠲᠥᠯᠥᠪᠯᠡᠵᠦ᠂ ᠦᠨᠡᠨᠬᠦ ᠬᠡᠷᠡᠭᠴᠡᠭᠡ ᠲᠠᠢ ᠪᠠᠶᠢᠬᠤ᠂ ᠠᠮᠢ ᠠᠬᠤᠢ ᠶᠢᠨ ᠠᠮᠤᠷ ᠲᠦᠪᠰᠢᠨ᠂ ᠦᠷᠭᠦᠯᠵᠢᠯᠡᠬᠦ ᠵᠠᠷᠴᠢᠮ ᠶᠣᠰᠣᠭᠠᠷ᠂ ᠬᠥᠭᠵᠢᠯᠲᠡ ᠶᠢᠨ ᠪᠠᠶᠢᠳᠠᠯ᠂ ᠣᠷᠣᠨ ᠪᠦᠰᠡ ᠶᠢᠨ ᠪᠣᠳᠠᠲᠠᠢ ᠲᠠᠢ ᠨᠢᠭᠲᠠ ᠤᠶᠠᠯᠳᠤᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠠᠵᠢᠯ ᠢ ᠪᠣᠳᠠᠲᠠᠢ ᠪᠥᠭᠡᠳ ᠭᠦᠢᠴᠡᠳ᠂ ᠨᠠᠷᠢᠯᠢᠭ ᠬᠢᠬᠦ ᠬᠡᠷᠡᠭᠲᠡᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号