ᠬᠤᠰᠢᠭᠤᠨ ᠳᠠᠷᠤᠭ᠎ᠠ ᠵᠣᠣ ᠶᠠᠨ ᠬᠤᠩ ᠾᠧ ᠮᠧᠢ ᠬᠡᠰᠡᠭ ᠲᠣᠭᠤᠷᠢᠭ ᠤᠨ ᠬᠢᠵᠢᠭ ᠤᠨ ᠪᠠᠢᠳᠠᠯ ᠢ ᠪᠠᠢᠩᠭᠤᠵᠢᠭᠤᠯᠤᠨ ᠰᠡᠷᠭᠡᠢᠯᠡᠨ ᠡᠵᠡᠮᠳᠡᠬᠦ ᠵᠢᠴᠢ ︽ᠲᠠᠪᠤᠨ ᠺᠣᠳ᠋ ᠢ ᠨᠢᠭᠡᠳᠬᠡᠬᠦ ︾ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/10/30
ᠬᠤᠰᠢᠭᠤᠨ ᠳᠠᠷᠤᠭ᠎ᠠ ᠵᠣᠣ ᠶᠠᠨ ᠬᠤᠩ ᠾᠧ ᠮᠧᠢ ᠬᠡᠰᠡᠭ ᠲᠣᠭᠤᠷᠢᠭ ᠤᠨ ᠬᠢᠵᠢᠭ ᠤᠨ ᠪᠠᠢᠳᠠᠯ ᠢ ᠪᠠᠢᠩᠭᠤᠵᠢᠭᠤᠯᠤᠨ ᠰᠡᠷᠭᠡᠢᠯᠡᠨ ᠡᠵᠡᠮᠳᠡᠬᠦ ᠵᠢᠴᠢ ︽ᠲᠠᠪᠤᠨ ᠺᠣᠳ᠋ ᠢ ᠨᠢᠭᠡᠳᠬᠡᠬᠦ︾ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ    10 ᠰᠠᠷ᠎ᠠ ᠶᠢᠨ 30 ᠤ ᠦᠳᠡ ᠶᠢᠨ ᠡᠮᠦᠨ᠎ᠡ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ᠂ ᠬᠤᠰᠢᠭᠤᠨ ᠳᠠᠷᠤᠭ᠎ᠠ ᠵᠣᠣ ᠶᠠᠨ ᠬᠤᠩ ᠾᠧ ᠮᠧᠢ ᠬᠡᠰᠡᠭ ᠲᠣᠭᠤᠷᠢᠭ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠵᠢᠴᠢ ︽ᠲᠠᠪᠤᠨ ᠺᠣᠳ᠋ ᠢ ᠨᠢᠭᠡᠳᠬᠡᠬᠦ︾ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠳᠡᠳ᠋ ᠬᠤᠰᠢᠭᠤᠨ ᠳᠠᠷᠤᠭ᠎ᠠ ᠸᠠᠩ ᠯᠢ ᠭᠦᠸᠧ᠂ ᠢ ᠰᠢᠤ ᠴᠢᠤᠸᠠᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ ᠪᠠᠢᠩᠭᠤᠵᠢᠭᠤᠯᠤᠨ ᠰᠡᠷᠭᠡᠶᠢᠯᠡᠨ ᠡᠵᠡᠮᠳᠡᠬᠦ ᠪᠣᠯ ᠮᠠᠨ ᠤ ᠬᠤᠰᠢᠭᠤᠨ ᠤ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠪᠠᠬᠢᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠰᠡᠷᠭᠦᠭᠡᠬᠦ ᠪᠣᠳᠠᠲᠤ ᠬᠡᠷᠡᠭᠴᠡᠭᠡ ᠮᠥᠨ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠪᠠᠢᠩᠭᠤᠵᠢᠭᠤᠯᠤᠨ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠪᠥᠭᠡᠳ ᠪᠣᠳᠠᠲᠠᠶ ᠠᠳᠬᠤᠬᠤ ᠬᠡᠷᠡᠭᠲᠡᠶ᠃    ᠬᠤᠷᠠᠯ ᠠᠴᠠ ᠴᠢᠬᠤᠯᠠᠴᠢᠯᠠᠭᠰᠠᠨ ᠨᠢ ᠂ ᠵᠠᠰᠠᠭ ᠤᠨ ᠣᠷᠳᠣᠨ ᠭᠤᠣᠯᠯᠠᠨ ᠤᠳᠤᠷᠢᠳᠬᠤ᠂ ᠰᠠᠯᠠᠭ᠎ᠠ ᠮᠥᠴᠢᠷ ᠬᠠᠷᠢᠭᠤᠴᠠᠬᠤ᠂ ᠬᠠᠷᠢᠶ᠎ᠠ ᠭᠠᠵᠠᠷ᠂ ᠪᠠᠢᠭᠤᠯᠤᠭ᠎ᠠ ᠨᠢᠭᠡᠴᠢ᠂ ᠬᠤᠪᠢ ᠬᠥᠮᠦᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠢᠳᠡᠪᠬᠢᠲᠡᠢ ᠨᠠᠶᠢᠳᠠᠪᠤᠷᠢᠵᠢᠭᠤᠯᠵᠤ᠂ ᠤᠯᠠᠨ ᠨᠡᠶᠢᠲᠡ ᠶᠢᠨ ᠲᠠᠯᠠᠪᠤᠷ ᠤᠨ ︽ᠬᠢᠵᠢᠭ ᠢ ᠰᠡᠷᠭᠡᠶᠢᠯᠡᠬᠦ ᠪᠣᠭᠤᠮᠲᠠ︾ ᠶᠢ ᠴᠢᠩᠭ᠎ᠠ ᠰᠠᠬᠢᠵᠤ᠂ ᠺᠣᠳ᠋ ᠰᠢᠷᠪᠢᠵᠦ ᠪᠡᠶ᠎ᠡ ᠶᠢᠨ ᠬᠠᠯᠠᠭᠤᠨ ᠢ ᠬᠡᠮᠵᠢᠬᠦ᠂ ᠠᠷᠢᠭᠤᠳᠬᠠᠵᠤ᠂ ᠲᠠᠩᠰᠠ ᠡᠪᠬᠡᠮᠡᠯ ᠪᠠᠶᠢᠭᠤᠯᠬᠤ ᠵᠡᠷᠭᠡ ᠠᠵᠢᠯ ᠢ ᠰᠠᠶᠢᠲᠤᠷ ᠬᠢᠬᠦ ᠶᠢ ᠪᠠᠷᠢᠮᠲᠠᠯᠠᠬᠤ ᠬᠡᠷᠡᠭᠲᠡᠢ᠃ ᠪᠠᠶᠢᠩᠭᠤᠵᠢᠬᠰᠠᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠵᠢᠯ ᠢ ᠡᠮᠬᠢ ᠵᠢᠷᠤᠮ ᠲᠠᠢ ᠰᠠᠶᠢᠲᠤᠷ ᠵᠣᠬᠢᠶᠠᠨ ᠪᠠᠶᠢᠭᠤᠯᠵᠤ᠂ ᠨᠢᠭᠡ ᠬᠥᠮᠦᠨ ᠢ ᠴᠦ ᠭᠤᠭᠤᠵᠢᠬᠳᠠᠭᠤᠯᠬᠤ ᠦᠭᠡᠢ ᠪᠠᠶᠢᠬᠤ ᠶᠢ ᠪᠡᠶᠡᠯᠡᠭᠦᠯᠵᠦ᠂ ᠪᠠᠶᠢᠩᠭᠤᠵᠢᠬᠰᠠᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠵᠢᠯ ᠢ ᠥᠨᠳᠥᠷ ᠪᠦᠲᠦᠮᠵᠢᠲᠡᠢ ᠥᠷᠨᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠂ ᠢᠯᠠᠩᠭᠤᠶ᠎ᠠ ᠾᠧ ᠮᠧᠢ ᠬᠡᠰᠡᠭ ᠲᠤᠭᠤᠷᠢᠭ ᠤᠨ 15 ᠮᠢᠨᠦ᠋ᠲ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠴᠠᠭᠠᠷᠢᠭ ᠢ ᠵᠣᠬᠢᠰᠲᠠᠢ ᠪᠠᠶᠢᠷᠢᠯᠠᠭᠤᠯᠵᠤ᠂ ᠬᠤᠳᠠ ᠶᠢᠨ ᠭᠤᠤᠯ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡ ᠬᠥᠯᠭᠡ ᠰᠢᠳᠠᠷ᠎ᠠ ᠪᠣᠯᠭᠠᠬᠤ ᠶᠢ ᠪᠠᠷᠢᠮᠲᠠᠯᠠᠵᠤ᠂ ︽ᠳᠣᠲᠣᠭᠠᠳᠤ ᠳᠠᠭᠠᠨ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ︾ ᠪᠠ ︽ᠭᠠᠳᠠᠭᠰᠢ ᠪᠠᠨ ᠲᠠᠬᠢᠨ ᠳᠡᠯᠭᠡᠷᠡᠬᠦ ᠶᠢ ᠰᠡᠷᠭᠡᠶᠢᠯᠡᠬᠦ︾ ᠬᠠᠷᠢᠶ᠎ᠠ ᠣᠷᠣᠨ ᠤ ᠬᠠᠷᠢᠭᠤᠴᠠᠯᠭ᠎ᠠ ᠪᠠ ᠲᠡᠷᠢᠭᠦᠨ ᠴᠢᠬᠤᠯᠠ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠬᠤ ᠬᠡᠷᠡᠭᠲᠡᠢ᠂ ᠬᠢᠵᠢᠭ ᠤᠨ ᠪᠠᠶᠢᠳᠠᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠠ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢ ᠦᠨᠡᠨ ᠬᠦ  ᠪᠠᠳᠤᠯᠠᠬᠤ ᠬᠡᠷᠡᠭᠲᠠᠢ ᠭᠡᠵᠠᠢ᠃    ᠬᠤᠷᠠᠯ ᠠᠴᠠ ᠵᠢᠭᠠᠵᠤ ᠭᠠᠷᠭᠠᠭᠰᠠᠨ ᠨᠢ᠂ ︽ᠤᠯᠠᠭᠠᠨᠬᠠᠳᠠ ᠶᠢᠨ ᠡᠷᠡᠭᠦᠯ ᠮᠡᠨᠳᠦ ᠶᠢᠨ ᠡᠷᠳᠡᠨᠢ︾ ᠶᠢᠨ ᠰᠢᠰᠲ᠋ᠧᠮ ᠤᠨ ᠬᠢᠨ ᠡᠷᠡᠭᠦᠯ ᠮᠡᠨᠳᠦ ᠶᠢᠨ ᠺᠣᠳ᠋᠂ ᠲᠠᠯᠠᠪᠤᠷ ᠤᠨ ᠺᠣᠳ᠋᠂ ᠠᠶᠠᠯᠠᠯ ᠤᠨ ᠺᠣᠳ᠋᠂ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠺᠣᠳ᠋᠂ ᠪᠣᠳᠠᠲᠠᠶᠢᠵᠢᠭᠰᠠᠨ ᠳᠡᠩᠰᠡᠯᠡᠯᠲᠡ ᠶᠢᠨ ᠺᠣᠳ᠋ ︽ᠲᠠᠪᠤᠨ ᠺᠣᠳ᠋ ᠢ ᠨᠢᠭᠡᠳᠬᠡᠬᠦ︾ ᠠᠵᠢᠯ ᠢ ᠬᠢᠵᠦ᠂ ︽ᠠᠮᠤᠷ ᠲᠦᠪᠰᠢᠨ᠂ ᠳᠥᠭᠦᠮ ᠳᠥᠲᠡ᠂ ᠲᠦᠷᠭᠡᠨ︾ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠪᠠᠶᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠦᠴᠦᠨ ᠨᠡᠮᠡᠷᠢᠯᠡᠪᠡ᠃ ᠳᠡᠯᠭᠡᠷᠡᠭᠦᠯᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠶᠢᠨ ᠲᠥᠯᠥᠭᠡ᠂ ᠳᠠᠷᠤᠢ ᠲᠦᠷᠭᠡᠨ ᠠᠵᠢᠯ ᠤᠨ ᠲᠤᠰᠬᠠᠢ ᠠᠩᠬᠢ ᠪᠠᠶᠢᠭᠤᠯᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠭᠦᠷᠭᠡ ᠶᠢ ᠦᠳᠲᠡᠷ ᠲᠦᠷᠭᠡᠨ ᠨᠠᠷᠢᠯᠢᠬᠵᠢᠭᠤᠯᠤᠨ ᠬᠤᠪᠢᠶᠠᠷᠢᠯᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠨᠢᠮᠪᠠᠢ ᠰᠠᠶᠢᠲᠤᠷ ᠠᠳᠬᠤᠬᠤ ᠬᠡᠷᠡᠭᠲᠡᠢ ᠭᠡᠵᠠᠢ ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号