ᠤᠯᠠᠭᠠᠨᠬᠠᠳᠠ ᠶᠢᠨ ᠱᠠᠨ ᠱᠦᠢ ᠶᠤᠸᠠᠨ ᠬᠠᠩ ᠱᠦᠢᠨᠢ ᠶᠢᠨ ᠬᠢᠵᠠᠭᠠᠷᠲᠤ ᠺᠣᠮᠫᠠᠨᠢ ᠠᠴᠠ ᠮᠠᠨ ᠤ ᠬᠤᠰᠢᠭᠤᠨ ᠳᠤ ᠬᠢᠵᠢᠭ ᠰᠡᠷᠭᠡᠶᠢᠯᠡᠬᠦ ᠡᠳ᠋ ᠪᠣᠳᠠᠰ ᠬᠠᠨᠳᠢᠪᠯᠠᠪᠠ
ᠨᠡᠶᠢᠲᠡᠯᠡᠭᠰᠡᠨ ᠴᠠᠭ᠄
2022/10/9
ᠤᠯᠠᠭᠠᠨᠬᠠᠳᠠ ᠶᠢᠨ ᠱᠠᠨ ᠱᠦᠢ ᠶᠤᠸᠠᠨ ᠬᠠᠩ ᠱᠦᠢᠨᠢ ᠶᠢᠨ ᠬᠢᠵᠠᠭᠠᠷᠲᠤ ᠺᠣᠮᠫᠠᠨᠢ ᠠᠴᠠ ᠮᠠᠨ ᠤ ᠬᠤᠰᠢᠭᠤᠨ ᠳᠤ ᠬᠢᠵᠢᠭ ᠰᠡᠷᠭᠡᠶᠢᠯᠡᠬᠦ ᠡᠳ᠋ ᠪᠣᠳᠠᠰ ᠬᠠᠨᠳᠢᠪᠯᠠᠪᠠ    ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠢᠵᠢᠭ ᠲᠠᠢ ᠲᠡᠮᠡᠴᠡᠵᠦ᠂ ᠴᠠᠭ ᠤᠨ ᠪᠡᠷᠬᠡ ᠶᠢ ᠬᠠᠮᠲᠤ ᠪᠠᠷ ᠲᠤᠭᠤᠯᠪᠠ᠃ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠶ ᠭᠦᠢᠴᠡᠳᠬᠡᠵᠦ ᠂ ᠮᠠᠨ ᠤ ᠬᠤᠰᠢᠭᠤᠨ ᠤ ᠬᠢᠵᠢᠭ ᠢ ᠰᠡᠷᠭᠡᠶᠢᠯᠡᠨ ᠬᠤᠷᠢᠭᠯᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ 10 ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠤᠯᠠᠭᠠᠨᠬᠠᠳᠠ ᠶᠢᠨ ᠱᠠᠨ ᠱᠦᠢ ᠶᠤᠸᠠᠨ ᠬᠠᠩ ᠱᠦᠢᠨᠢ ᠶᠢᠨ ᠬᠢᠵᠠᠭᠠᠷᠲᠤ ᠺᠣᠮᠫᠠᠨᠢ  ᠮᠠᠨ ᠤ ᠬᠤᠰᠢᠭᠤᠨ ᠳᠤ 103500 ᠲᠥᠭᠦᠷᠢᠭ ᠤᠨ ᠥᠷᠲᠡᠭ ᠪᠥᠬᠦᠶ 3000 ᠬᠠᠮᠠᠭᠠᠯᠠᠯᠲᠠ ᠶᠢᠨ ᠬᠤᠪᠴᠠᠰᠤ ᠬᠠᠨᠳᠢᠪᠯᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢ ᠬᠦᠶ ᠹᠠᠩ ᠬᠠᠨᠳᠢᠪᠯᠠᠬᠤ ᠶᠣᠰᠣᠯᠠᠯ ᠳᠤ ᠣᠷᠣᠯᠴᠠᠪᠠ᠃    ᠬᠠᠨᠳᠢᠪᠯᠠᠨ ᠬᠦᠷᠭᠡᠭᠰᠡᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠢᠯᠡᠷᠬᠡᠶᠢᠯᠡᠭᠰᠡᠨ ᠢᠶᠠᠷ᠂ ᠬᠢᠵᠢᠭ ᠤᠨ ᠪᠠᠶᠢᠳᠠᠯ ᠤᠨ ᠳᠤᠤᠷ᠎ᠠ᠂ ᠠᠵᠤ ᠠᠬᠤᠶᠢᠯᠠᠯ ᠤᠳ ᠠᠶᠤᠯᠭᠦᠶ ᠦᠢᠯᠡᠳᠪᠦᠷᠢᠯᠡᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ᠂ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠨᠢᠭᠡ ᠬᠤᠪᠢ ᠠᠵᠤ ᠠᠬᠤᠶᠢᠯᠠᠯ ᠤᠨ ᠬᠦᠴᠦᠨ ᠨᠡᠮᠡᠷᠢᠯᠡᠵᠦ᠂ ᠪᠥᠬᠦ ᠬᠤᠰᠢᠭᠤᠨ ᠤ ᠠᠷᠠᠳ ᠲᠦᠮᠡᠨ ᠲᠠᠢ ᠬᠠᠮᠲᠤ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠰᠡᠳᠬᠢᠯ ᠲᠠᠯᠪᠢᠵᠤ᠂ ᠪᠣᠳᠠᠲᠤ ᠠᠵᠢᠯᠯᠠᠭ᠎ᠠ ᠪᠠᠷ ᠢᠶᠠᠨ ᠬᠢᠵᠢᠭ ᠢ ᠰᠡᠷᠭᠡᠶᠢᠯᠡᠬᠦ ᠪᠠᠲᠤ ᠪᠠᠬᠢ ᠬᠠᠯᠬᠠᠪᠴᠢ ᠶᠢ ᠪᠠᠶᠢᠭᠤᠯᠬᠤ ᠶᠢ ᠬᠦᠰᠡᠵᠦ ᠪᠠᠶᠢᠨ᠎ᠠ ᠭᠡᠪᠡ᠃    ᠲᠣᠰ ᠤᠳᠠᠭᠠᠨ ᠤ ᠬᠠᠨᠳᠢᠪᠯᠠᠬᠤ ᠠᠵᠢᠯᠯᠠᠭ᠎ᠠ ᠨᠢ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠤᠨ ᠪᠣᠳᠠᠲᠤ ᠠᠵᠢᠯᠯᠠᠭ᠎ᠠ ᠪᠠᠷ ᠢᠶᠠᠨ ᠵᠣᠷᠢᠭᠲᠠᠶ ᠪᠠᠷ ᠡᠭᠦᠷᠭᠡᠯᠡᠬᠦ ᠢᠳᠡᠪᠬᠢ ᠬᠦᠴᠦᠨ ᠪᠠ ᠨᠡᠶᠢᠭᠡᠮ ᠤᠨ ᠬᠠᠷᠢᠭᠤᠴᠠᠯᠭ᠎ᠠ ᠶᠢ ᠦᠢᠯᠡᠳᠦᠯᠭᠡᠵᠢᠭᠦᠯᠬᠦ ᠶᠡᠭᠡ ᠬᠠᠶᠢᠷ᠎ᠠ ᠶᠢᠨ ᠠᠵᠢᠯᠯᠠᠭ᠎ᠠ ᠶᠢ ᠭᠦᠢᠴᠡᠳ ᠬᠠᠷᠠᠭᠤᠯᠵᠤ᠂ ᠬᠢᠵᠢᠭ ᠢ ᠡᠰᠡᠷᠭᠦᠴᠡᠬᠦ ᠡᠮᠦᠨ᠎ᠡ ᠹᠷᠣᠨᠲ ᠤᠨ ᠠᠵᠢᠯᠲᠠᠳ ᠲᠤ ᠨᠡᠶᠢᠭᠡᠮ ᠤᠨ ᠡᠯ᠎ᠡ ᠡᠲᠡᠭᠡᠳ ᠤᠨ ᠬᠠᠯᠠᠮᠵᠢᠯᠠᠯ ᠪᠠ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠵᠦ᠂ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠡᠰᠡᠷᠭᠦᠴᠡᠬᠦ ᠢᠲᠡᠭᠡᠯ ᠵᠣᠷᠢᠭ ᠢ ᠤᠯᠠᠮ ᠨᠢᠭᠡ ᠠᠯᠬᠤᠮ ᠪᠠᠲᠤᠳᠬᠠᠬᠤ ᠪᠣᠯᠤᠨ᠎ᠠ᠃

640.png

 

 

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号