ᠰᠦᠢ ᠯᠢ ᠬᠠᠷᠠᠴᠢᠨ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠦᠵᠡᠪᠡ
ᠨᠡᠶᠢᠲᠡᠯᠡᠭᠰᠡᠨ ᠴᠠᠭ᠄
2022/11/1
ᠰᠦᠢ ᠯᠢ ᠬᠠᠷᠠᠴᠢᠨ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠦᠵᠡᠪᠡ    10 ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠪᠠᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠭᠢᠯᠡᠭᠴᠢ ᠰᠦᠢ ᠯᠢ ᠬᠠᠷᠠᠴᠢᠨ ᠬᠤᠰᠢᠭᠤᠨ ᠳᠤ ᠬᠦᠷᠴᠦ ᠠᠵᠤ ᠠᠬᠤᠶ ᠨᠡᠶᠢᠭᠡᠮ ᠤᠨ ᠬᠥᠭᠵᠢᠯᠲᠡ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠠᠶᠢᠴᠠᠭᠠᠨ ᠦᠵᠡᠪᠡ᠃ ᠬᠤᠰᠢᠭᠤ ᠨᠠᠮ ᠤᠨ ᠬᠤᠷᠢᠶ᠎ᠠ ᠶᠢᠨ ᠱᠦᠵᠢ ᠹᠠᠩ ᠷᠦᠢ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠰᠢᠤᠢ ᠵᠢᠶᠠᠨ ᠬᠤᠶ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠶᠠᠩ ᠸᠧᠨ ᠳ᠋ᠦᠩ ᠵᠢᠴᠢ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃    ᠰᠦᠢ ᠯᠢ ᠨᠡᠷ ᠤᠷᠢᠳ ᠬᠤᠵᠢᠳ ᠤᠯᠠᠭᠠᠨᠬᠠᠳᠠ ᠶᠢᠨ ᠰᠢᠨ᠎ᠡ ᠮᠠᠲᠧᠷᠢᠶᠠᠯ ᠤᠨ ᠠᠵᠤ ᠦᠢᠯᠡᠰ ᠤᠨ ᠬᠦᠷᠢᠶᠡᠯᠡᠩ ᠂ ᠬᠠᠷᠠᠴᠢᠨ ᠬᠤᠰᠢᠭᠤᠨ ᠤ ᠬᠢᠲᠠᠳ ᠡᠮ ᠤᠨ ᠮᠠᠲᠧᠷᠢᠶᠠᠯ ︵ᠮᠣᠩᠭᠤᠯ ᠡᠮ ᠤᠨ ᠮᠠᠲᠧᠷᠢᠶᠠᠯ︶ ᠤᠨ ᠠᠵᠤ ᠦᠢᠯᠡᠰ ᠤᠨ ᠬᠦᠷᠢᠶᠡᠯᠡᠩ᠂ ᠤᠯᠠᠭᠠᠨᠬᠠᠳᠠ ᠶᠢᠨ ᠬᠤᠩ ᠹᠦ᠋ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠵᠡᠷᠭᠡ ᠪᠠᠶᠢᠭᠤᠯᠵᠤ ᠪᠠᠶᠢᠭ᠎ᠠ ᠲᠦᠷᠦᠯ ᠵᠦᠢᠯ ᠳᠤ ᠵᠣᠷᠢᠭᠤᠯᠪᠠ᠃ ᠬᠥᠬᠡᠬᠤᠲᠠ ᠶᠢᠨ ᠤᠶᠤᠲᠠᠳ ᠤᠨ ᠨᠤᠲᠤᠭ ᠲᠠᠭᠠᠨ ᠬᠠᠷᠢᠬᠤ ᠬᠠᠷᠢᠯᠴᠠᠬᠤ ᠭᠠᠵᠠᠷ᠂ ᠲᠤᠰᠠᠭᠠᠷᠯᠠᠬᠤ ᠭᠠᠵᠠᠷ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢᠨ ᠬᠠᠮᠲᠤ᠂ ᠲᠤᠬᠠᠶ ᠶᠢᠨ ᠭᠠᠵᠠᠷ ᠲᠤᠨᠢ ᠰᠣᠯᠢᠯᠴᠠᠬᠤ᠂ ᠶᠠᠷᠢᠯᠴᠠᠬᠤ ᠬᠤᠷᠠᠯ ᠬᠢᠬᠦ ᠵᠡᠷᠭᠡ ᠬᠡᠯᠪᠡᠷᠢ ᠪᠠᠷ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃    ᠹᠠᠩ ᠷᠦᠢ ᠢᠯᠡᠷᠬᠡᠶᠢᠯᠡᠬᠦ ᠳᠡᠭᠡᠨ᠂ ᠮᠠᠨ ᠤ ᠬᠤᠰᠢᠭᠤᠨ ᠤ ᠬᠢᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠬᠥᠬᠡᠬᠤᠲᠠ ᠶᠢᠨ ᠤᠶᠤᠲᠠᠳ ᠤᠨ ᠨᠤᠲᠤᠭ ᠲᠠᠭᠠᠨ ᠬᠠᠷᠢᠵᠤ ᠲᠤᠰᠠᠭᠠᠷᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠤᠷ ᠰᠦᠯᠵᠢᠶ᠎ᠡ ᠶᠢ ᠨᠢᠭᠲᠠ ᠪᠥᠭᠡᠳ ᠴᠢᠩᠭ᠎ᠠ ᠪᠠᠬᠢᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠨ᠎ᠠ ᠭᠡᠵᠡᠶ᠃ ᠡᠭᠦᠨ ᠤ ᠬᠠᠮᠲᠤ᠂ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ ᠠᠳᠬᠤᠵᠤ᠂ ᠠᠬᠢᠴᠠ ᠶᠢ ᠲᠦᠷᠭᠡᠳᠬᠡᠨ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ︽ᠬᠤᠶᠠᠷ ᠢ ᠰᠠᠭᠠᠲᠠᠭᠠᠬᠤ ᠥᠬᠡᠶ︾ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠠᠢ ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号