1-9 ᠳ᠋ᠦᠭᠡᠷ ᠰᠠᠷ᠎ᠠ ᠳᠤ᠂ ᠮᠠᠨ ᠤ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠠᠵᠤ ᠠᠬᠤᠶ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠶ ᠪᠠᠷ ᠨᠢᠭᠡᠳᠦᠯᠲᠡᠶ ᠲᠥᠯᠥᠪᠯᠡᠵᠦ᠂ ᠪᠥᠬᠦ | ᠬᠤᠰᠢᠭᠤᠨ ᠤ ᠠᠵᠤ ᠠᠬᠤᠶ ᠦᠷᠭᠦᠯᠵᠢᠯᠡᠨ ᠰᠠᠶᠢᠵᠢᠷᠠᠬᠤ ᠬᠠᠨᠳᠤᠰᠢ ᠲᠠᠢ ᠪᠣᠯᠵᠣ᠂ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ ᠰᠥᠭᠡᠷᠭᠦ ᠪᠠᠶᠢᠭᠰᠠᠨ ᠠᠴᠠ ᠪᠠᠨ | ᠡᠶᠡᠷᠡᠬᠦ ᠪᠤᠯᠵᠤ᠂ ᠠᠳᠠᠯᠢ ᠬᠤᠭᠤᠴᠠᠭᠠᠨ ᠤ ᠬᠢ ᠠᠴᠠ 1.5% ᠪᠠᠷ ᠨᠡᠮᠡᠭᠳᠡᠨ᠂ | ᠠᠵᠤ ᠦᠢᠯᠡᠳᠪᠦᠷᠢ ᠶᠢᠨ ᠦᠢᠯᠡᠳᠪᠦᠷᠢᠯᠡᠯ ᠦᠷᠭᠦᠯᠵᠢᠯᠡᠨ ᠰᠡᠷᠭᠦᠵᠦ | ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠥᠨᠳᠥᠷ ᠬᠡᠮᠵᠢᠶᠡᠨ ᠳᠤ ᠨᠡᠮᠡᠭᠳᠡᠨ᠂ ᠬᠡᠷᠡᠭᠯᠡᠭᠡᠨ ᠤ ᠵᠠᠬ᠎ᠠ | ᠳᠡᠯᠭᠡᠭᠦᠷ ᠤᠨ ᠠᠵᠢᠯᠯᠠᠭᠠᠨ ᠲᠣᠭᠲᠠᠭᠤᠨ ᠪᠠᠶᠢᠵᠤ᠂ ᠭᠤᠤᠯ ᠪᠣᠯᠬᠤ ᠠᠵᠤ ᠠᠬᠤᠶ ᠶᠢᠨ | ᠬᠦᠢᠴᠡᠳᠬᠡᠯ ᠲᠤᠭ᠎ᠠ ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠃ | ᠨᠢᠭᠡ᠂ ᠶᠡᠷᠦᠩᠬᠡᠶ ᠴᠣᠭᠴᠠ ᠶᠢᠨ ᠬᠥᠭᠵᠢᠯᠲᠡ ᠲᠣᠭᠲᠠᠭᠤᠨ ᠪᠠᠶᠢᠬᠤ ᠶᠢᠨ ᠵᠡᠷᠭᠡ ᠳᠤ ᠤᠷᠤᠭᠰᠢᠯᠠᠯᠲᠠ ᠲᠠᠢ ᠪᠣᠯᠪᠠ | ᠠᠩᠬ᠎ᠠ ᠠᠯᠬᠤᠮ ᠤᠨ ᠲᠣᠭᠠᠴᠠᠭ᠎ᠠ ᠬᠢᠭᠰᠡᠨ ᠢᠶᠠᠷ᠂ ᠭᠤᠷᠪᠠᠳᠤᠭᠠᠷ ᠤᠯᠠᠷᠢᠯ ᠤᠨ ᠭᠠᠵᠠᠷ ᠣᠷᠣᠨ ᠤ | ᠦᠢᠯᠡᠳᠪᠦᠷᠢᠯᠡᠯ ᠤᠨ ᠪᠥᠬᠦ ᠥᠷᠲᠡᠭ 80.6 ᠳ᠋ᠦᠩᠰᠢᠭᠤᠷ ᠲᠥᠭᠦᠷᠢᠭ ᠲᠤ ᠬᠦᠷᠴᠦ᠂ | ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 1.5% ᠪᠠᠷ ᠨᠡᠮᠡᠭᠳᠡᠨ᠂ | ᠰᠥᠭᠡᠷᠭᠦ ᠪᠠᠶᠢᠭᠰᠠᠨ ᠠᠴᠠ ᠪᠠᠨ ᠡᠶᠡᠷᠡᠬᠦ ᠪᠤᠯᠵᠤ ᠂ ᠪᠥᠬᠦ ᠬᠤᠲᠠ ᠳᠤ | ᠠᠷᠪᠠᠳᠤᠭᠠᠷ ᠲᠤ ᠣᠷᠣᠪᠠ᠃ | ᠡᠭᠦᠨ ᠳᠤ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 6.4 ᠳ᠋ᠦᠩᠰᠢᠭᠤᠷ ᠲᠥᠭᠦᠷᠢᠭ ᠲᠤ | ᠬᠦᠷᠴᠦ᠂ 4.6% ᠪᠠᠷ ᠨᠡᠮᠡᠭᠳᠡᠨ᠂ ᠪᠥᠬᠦ ᠬᠤᠲᠠ ᠳᠤ ᠬᠤᠶᠠᠳᠤᠭᠠᠷ ᠲᠤ ᠣᠷᠣᠪᠠ︔ | ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 38.1 ᠳ᠋ᠦᠩᠰᠢᠭᠤᠷ ᠲᠥᠭᠦᠷᠢᠭ ᠲᠤ | ᠬᠦᠷᠴᠦ᠂ 4.5% ᠪᠠᠷ ᠨᠡᠮᠡᠭᠳᠡᠨ᠂ ᠪᠥᠬᠦ ᠬᠤᠲᠠ ᠳᠤ ᠵᠢᠷᠭᠤᠳᠤᠭᠠᠷ ᠲᠤ ᠣᠷᠣᠪᠠ᠃ | ᠭᠤᠷᠪᠠᠨ ᠠᠵᠤ ᠦᠢᠯᠡᠰ ᠤᠨ ᠪᠦᠲᠦᠴᠡ ᠶᠢᠨ ᠬᠠᠷᠢᠴᠠᠯ ᠨᠢ᠄ 8.0᠄ 44.8᠄ | 47.2 ᠪᠣᠯᠤᠨ᠎ᠠ᠃ | ᠬᠤᠶᠠᠷ᠂ ᠲᠠᠷᠢᠶᠠᠯᠠᠩ ᠤᠨ ᠦᠢᠯᠡᠳᠪᠦᠷᠢᠯᠡᠯ ᠡᠮᠬᠢ ᠵᠢᠷᠤᠮ ᠲᠠᠢ ᠪᠠᠷ ᠬᠥᠭᠵᠢᠵᠦ᠂ ᠲᠠᠷᠢᠶᠠᠯᠠᠩ ᠤᠢ ᠰᠢᠭᠤᠶ ᠮᠠᠯ | ᠠᠵᠤ ᠠᠬᠤᠶ ᠵᠢᠭᠠᠰᠤᠨ ᠠᠵᠤ ᠠᠬᠤᠶ ᠶᠢᠨ ᠦᠢᠯᠡᠴᠢᠯᠡᠭᠡᠨ ᠤ ᠦᠢᠯᠡᠰ ᠤᠨ ᠡᠵᠡᠯᠡᠬᠦ ᠬᠠᠷᠢᠴᠠᠯ ᠳᠡᠭᠡᠭᠰᠢᠯᠡᠪᠡ | ᠭᠤᠷᠪᠠᠳᠤᠭᠠᠷ ᠤᠯᠠᠷᠢᠯ ᠳᠤ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ 13.8 | ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠬᠠᠷᠢᠴᠠᠭᠤᠯᠵᠤ ᠪᠣᠯᠬᠤ | ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 5.3% ᠨᠡᠮᠡᠭᠳᠡᠵᠦ᠂ ᠳᠡᠭᠡᠷ᠎ᠡ ᠬᠠᠭᠠᠰ | ᠵᠢᠯ ᠤᠨ ᠬᠢ ᠠᠴᠠ 3.3 ᠵᠠᠭᠤᠨ ᠤ ᠨᠢᠭᠡᠴᠢ ᠪᠠᠭᠤᠷᠠᠵᠤ᠂ ᠪᠥᠬᠦ ᠬᠤᠲᠠ ᠶᠢᠨ ᠨᠡᠮᠡᠭᠳᠡᠯ ᠤᠨ ᠬᠤᠷᠳᠤᠴᠠ ᠠᠴᠠ 1. | 0 ᠵᠠᠭᠤᠨ ᠤ ᠨᠢᠭᠡᠴᠢ ᠥᠨᠳᠥᠷ ᠪᠣᠯᠵᠠᠶ᠃ ᠡᠭᠦᠨ ᠳᠤ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ | ᠠᠬᠤᠶ ᠶᠢᠨ ᠦᠢᠯᠡᠴᠢᠯᠡᠭᠡᠨ ᠦ ᠦᠢᠯᠡᠰ ᠦᠨ | ᠦᠢᠯᠡᠳᠬᠦᠨ ᠤ ᠥᠷᠲᠡᠭ 0.5 ᠳ᠋ᠦᠩᠰᠢᠭᠤᠷ ᠲᠥᠭᠦᠷᠢᠭ ᠲᠤ ᠬᠦᠷᠴᠦ᠂ 13.6% ᠪᠠᠷ | ᠨᠡᠮᠡᠭᠳᠡᠨ᠂ ᠪᠥᠬᠦ ᠬᠤᠲᠠ ᠶᠢᠨ ᠨᠡᠮᠡᠭᠳᠡᠯ ᠤᠨ ᠬᠤᠷᠳᠤᠴᠠ ᠠᠴᠠ 3.2 ᠵᠠᠭᠤᠨ ᠤ ᠨᠢᠭᠡᠴᠢ ᠥᠨᠳᠥᠷ ᠪᠣᠯᠵᠣ᠂ | ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ | ᠦᠢᠯᠡᠴᠢᠯᠡᠭᠡᠨ ᠤ ᠦᠢᠯᠡᠰ ᠦᠨ ᠦᠢᠯᠡᠳᠬᠦᠨ ᠤ | ᠥᠷᠲᠡᠭ 3.6% ᠶᠢ ᠡᠵᠡᠯᠡᠵᠦ᠂ ᠨᠢᠳᠤᠨᠤᠨ ᠡᠴᠡ 0.6 ᠵᠠᠭᠤᠨ ᠤ ᠨᠢᠭᠡᠴᠢ ᠥᠨᠳᠥᠷ ᠪᠣᠯᠵᠠᠶ᠃ | ᠭᠤᠷᠪᠠ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠦᠷᠭᠦᠯᠵᠢᠯᠡᠨ ᠰᠡᠷᠭᠦᠵᠦ᠂ ᠠᠰᠢᠭ ᠬᠤᠨᠵᠢᠪᠣᠷᠢ᠂ | ᠭᠠᠶᠢᠯᠢ ᠶᠢᠨ ᠮᠥᠩᠭᠦ ᠵᠡᠷᠭᠡ ᠪᠡᠷ ᠨᠡᠮᠡᠭᠳᠡᠪᠡ | ᠭᠤᠷᠪᠠᠳᠤᠭᠠᠷ ᠤᠯᠠᠷᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠳᠠᠯᠢ ᠬᠤᠭᠤᠴᠠᠭᠠᠨ ᠤ ᠬᠢ ᠠᠴᠠ 1.8% ᠪᠠᠷ ᠪᠠᠭᠤᠷᠠᠵᠤ᠂ | ᠳᠡᠭᠡᠷ᠎ᠡ ᠬᠠᠭᠠᠰ ᠵᠢᠯ ᠤᠨ ᠬᠢ ᠠᠴᠠ 8.2 ᠵᠠᠭᠤᠨ ᠤ ᠨᠢᠭᠡᠴᠢ ᠪᠠᠭᠠᠰᠴᠤ᠂ ᠪᠥᠬᠦ ᠬᠤᠲᠠ ᠶᠢᠨ ᠨᠡᠮᠡᠭᠳᠡᠯ ᠤᠨ | ᠬᠤᠷᠳᠤᠴᠠ ᠠᠴᠠ 3.5 ᠵᠠᠭᠤᠨ ᠤ ᠨᠢᠭᠡᠴᠢ ᠳᠣᠤᠷ᠎ᠠ ᠪᠠᠶᠢᠵᠤ᠂ ᠪᠥᠬᠦ ᠬᠤᠲᠠ ᠶᠢᠨ 11 ᠳ᠋ᠦᠭᠡᠷ ᠪᠠᠶᠢᠷᠢᠨ ᠳᠤ | ᠣᠷᠣᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ 9 ᠳ᠋ᠦᠭᠡᠷ ᠰᠠᠷ᠎ᠠ ᠳᠤ 30.5 | ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 0.15% ᠪᠠᠷ ᠨᠡᠮᠡᠭᠳᠡᠨ᠂ 1-9 ᠳ᠋ᠦᠭᠡᠷ ᠰᠠᠷ᠎ᠠ ᠳᠤ ᠨᠡᠶᠢᠲᠡ 228.9 ᠳ᠋ᠦᠩᠰᠢᠭᠤᠷ | ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1. | 36% ᠪᠠᠷ ᠨᠡᠮᠡᠭᠳᠡᠪᠡ᠃ | ᠲᠦᠷᠪᠡ᠂ ᠬᠡᠷᠡᠭᠯᠡᠭᠡᠨ ᠤ ᠵᠠᠬ᠎ᠠ ᠳᠡᠯᠭᠡᠭᠦᠷ ᠦᠷᠭᠦᠯᠵᠢᠯᠡᠨ ᠰᠠᠶᠢᠵᠢᠷᠠᠵᠤ᠂ ᠬᠤᠳᠠ ᠪᠠᠯᠭᠠᠰᠤᠨ ᠤ ᠭᠠᠵᠠᠷ ᠣᠷᠣᠨ ᠤ | ᠬᠡᠷᠡᠭᠯᠡᠭᠡᠨ ᠤ ᠲᠠᠶᠢᠴᠢᠯᠠᠯᠳᠠ ᠴᠢᠩᠭᠠᠷᠠᠪᠠ | ᠭᠤᠷᠪᠠᠳᠤᠭᠠᠷ ᠤᠯᠠᠷᠢᠯ ᠳᠤ ᠨᠡᠶᠢᠭᠡᠮ ᠤᠨ ᠬᠡᠷᠡᠭᠯᠡᠭᠡᠨ ᠤ ᠵᠦᠢᠯ ᠦᠨ ᠵᠢᠵᠢᠭᠯᠡᠨ ᠬᠤᠳᠠᠯᠳᠤᠭᠰᠠᠨ | ᠪᠥᠬᠦ ᠲᠤᠭ᠎ᠠ 23.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.7% ᠪᠠᠷ | ᠨᠡᠮᠡᠭᠳᠡᠨ᠂ ᠪᠥᠬᠦ ᠬᠤᠲᠠ ᠶᠢᠨ ᠨᠡᠮᠡᠭᠳᠡᠯ ᠤᠨ ᠬᠤᠷᠳᠤᠴᠠ ᠠᠴᠠ 0.2 ᠵᠠᠭᠤᠨ ᠤ ᠨᠢᠭᠡᠴᠢ ᠥᠨᠳᠥᠷ ᠪᠣᠯᠵᠣ᠂ ᠪᠥᠬᠦ | ᠬᠤᠲᠠ ᠶᠢᠨ ᠳᠣᠯᠣᠳᠤᠭᠠᠷ ᠲᠤ ᠣᠷᠣᠪᠠ᠃ ᠡᠵᠡᠩᠨᠡᠯᠲᠡ ᠶᠢᠨ ᠨᠢᠭᠡᠴᠢ ᠶᠢᠨ ᠪᠠᠶᠢᠭ᠎ᠠ ᠭᠠᠵᠠᠷ ᠠᠴᠠ ᠦᠵᠡᠪᠡᠯ᠂ | ᠬᠤᠳᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 3.4% ᠪᠠᠷ ᠨᠡᠮᠡᠭᠳᠡᠪᠡ︔ | ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 1.9% ᠪᠠᠷ ᠪᠠᠭᠤᠷᠠᠪᠠ᠃ | ᠬᠡᠷᠡᠭᠯᠡᠭᠡᠨ ᠤ ᠲᠦᠷᠦᠯ ᠵᠦᠢᠯ ᠠᠴᠠ ᠦᠵᠡᠪᠡᠯ ᠂ ᠲᠠᠸᠠᠷ ᠤᠨ ᠵᠢᠵᠢᠭᠯᠡᠨ ᠬᠤᠳᠠᠯᠳᠤᠬᠤ ᠬᠡᠮᠵᠢᠶ᠎ᠡ 2.1% ᠪᠠᠷ | ᠨᠡᠮᠡᠭᠳᠡᠪᠡ︔ ᠢᠳᠡᠭᠡᠨ ᠤᠮᠳᠠᠭᠠᠨ ᠤ ᠣᠷᠣᠯᠭ᠎ᠠ 4.5% ᠪᠠᠷ ᠪᠠᠭᠤᠷᠠᠪᠠ᠃ | ᠲᠠᠪᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠯ ᠢ ᠪᠠᠲᠤᠯᠠᠵᠤ᠂ ᠬᠡᠷ | ᠪᠠᠶᠢᠰᠢᠩ ᠭᠠᠵᠠᠷ ᠬᠥᠷᠥᠩᠭᠡ ᠶᠢᠨ ᠪᠠᠯᠠ ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠪᠠᠭᠤᠷᠠᠪᠠ | ᠭᠤᠷᠪᠠᠳᠤᠭᠠᠷ ᠤᠯᠠᠷᠢᠯ ᠳᠤ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 46.6% ᠨᠡᠮᠡᠭᠳᠡᠵᠦ᠂ ᠪᠥᠬᠦ ᠬᠤᠲᠠ ᠶᠢᠨ ᠨᠡᠮᠡᠭᠳᠡᠯ ᠤᠨ | ᠬᠤᠷᠳᠤᠴᠠ ᠠᠴᠠ 31.5 ᠵᠠᠭᠤᠨ ᠤ ᠨᠢᠭᠡᠴᠢ ᠥᠨᠳᠥᠷ ᠪᠣᠯᠵᠣ᠂ ᠪᠥᠬᠦ ᠬᠤᠲᠠ ᠳᠤ ᠳᠥᠷᠪᠡᠳᠦᠭᠡᠷ ᠲᠤ ᠣᠷᠣᠪᠠ᠃ | ᠡᠭᠦᠨ ᠳᠤ᠂ 500 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠲᠥᠷᠥᠯ ᠵᠦᠢᠯ ᠤᠨ ᠪᠠᠯᠠ | ᠣᠷᠣᠭᠤᠯᠤᠯᠲᠠ 126.7% ᠨᠡᠮᠡᠭᠳᠡᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ | ᠪᠠᠯᠠ ᠣᠷᠣᠭᠤᠯᠤᠯᠲᠠ 24.2% ᠪᠠᠭᠤᠷᠠᠪᠠ᠃ | ᠵᠢᠷᠭᠤᠭ᠎ᠠ᠂ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠬᠥᠳᠡᠭᠡ ᠲᠣᠰᠬᠤᠨ ᠤ | ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠬᠤᠲᠠ ᠪᠠᠯᠭᠠᠰᠤ ᠶᠢᠨ ᠬᠢ ᠠᠴᠠ ᠲᠦᠷᠭᠡᠨ | ᠪᠤᠯᠪᠠ | ᠲᠦᠷᠦᠭᠦᠤ ᠭᠤᠷᠪᠠᠨ ᠤᠯᠠᠷᠢᠯ ᠳᠤ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ 18201 ᠲᠥᠭᠦᠷᠢᠭ ᠲᠤ ᠬᠦᠷᠴᠦ᠂ ᠶᠡᠷᠦᠩᠬᠡᠶ ᠬᠡᠮᠵᠢᠶ᠎ᠡ ᠨᠢ ᠪᠥᠬᠦ ᠬᠤᠲᠠ ᠶᠢᠨ ᠳᠣᠯᠣᠳᠤᠭᠠᠷ ᠲᠤ | ᠣᠷᠣᠵᠤ᠂ ᠠᠳᠠᠯᠢ ᠬᠤᠭᠤᠴᠠᠭᠠᠨ ᠤ ᠬᠢ ᠠᠴᠠ 7.1% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ | ᠬᠤᠲᠠ ᠶᠢᠨ ᠶᠢᠰᠦᠳᠦᠭᠡᠷ ᠲᠤ ᠣᠷᠣᠪᠠ᠃ | ᠡᠭᠦᠨ ᠳᠤ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ 26906 ᠲᠥᠭᠦᠷᠢᠭ ᠲᠤ ᠬᠦᠷᠴᠦ᠂ ᠶᠡᠷᠦᠩᠬᠡᠶ ᠬᠡᠮᠵᠢᠶ᠎ᠡ ᠨᠢ ᠪᠥᠬᠦ ᠬᠤᠲᠠ ᠶᠢᠨ | ᠳᠣᠯᠣᠳᠤᠭᠠᠷ ᠲᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 5.9% ᠪᠠᠷ ᠨᠡᠮᠡᠭᠳᠡᠨ᠂ ᠨᠡᠮᠡᠭᠳᠡᠯ ᠤᠨ | ᠬᠤᠷᠳᠤᠴᠠ ᠨᠢ ᠪᠥᠬᠦ ᠬᠤᠲᠠ ᠶᠢᠨ ᠵᠢᠷᠭᠤᠳᠤᠭᠠᠷ ᠲᠤ ᠣᠷᠣᠪᠠ︔ | ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ 10971 ᠲᠥᠭᠦᠷᠢᠭ ᠲᠤ ᠬᠦᠷᠴᠦ᠂ ᠶᠡᠷᠦᠩᠬᠡᠢ ᠬᠡᠮᠵᠢᠶ᠎ᠡ ᠨᠢ ᠪᠦᠬᠦ | ᠬᠤᠳᠠ ᠶᠢᠨ ᠲᠠᠪᠤᠳᠤᠭᠠᠷ ᠲᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 7.8% ᠢᠶᠠᠷ ᠨᠡᠮᠡᠭᠳᠡᠵᠦ᠂ | ᠨᠡᠮᠡᠭᠳᠡᠯ ᠤᠨ ᠬᠤᠷᠳᠤᠴᠠ ᠨᠢ ᠪᠦᠬᠦ ᠬᠤᠳᠠ ᠶᠢᠨ ᠶᠢᠰᠦᠳᠦᠭᠡᠷ ᠲᠤ ᠣᠷᠣᠪᠠ᠃ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ | ᠬᠠᠷᠢᠴᠠᠯ 2.45 ᠪᠠᠶᠢᠵᠤ᠂ ᠳᠡᠭᠡᠷ᠎ᠡ ᠬᠠᠭᠠᠰ ᠵᠢᠯ ᠤᠨ ᠬᠢ ᠠᠴᠠ 0.09 ᠵᠠᠭᠤᠨ ᠤ ᠨᠢᠭᠡᠴᠢ ᠪᠠᠭᠤᠷᠠᠵᠤ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠤᠯᠠᠮ ᠨᠢᠭᠡ ᠠᠯᠬᠤᠮ ᠪᠠᠭᠠᠰᠪᠠ᠃ | | |