ᠬᠠᠷᠠᠴᠢᠨ ᠬᠤᠰᠢᠭᠤᠨ ᠤ 2022 ᠣᠨ ᠤ ᠭᠤᠷᠪᠠᠳᠤᠭᠠᠷ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠵᠠᠳᠠᠯᠤᠯᠲᠠ
ᠨᠡᠶᠢᠲᠡᠯᠡᠭᠰᠡᠨ ᠴᠠᠭ᠄
2022/11/10
ᠬᠠᠷᠠᠴᠢᠨ ᠬᠤᠰᠢᠭᠤᠨ ᠤ 2022 ᠣᠨ ᠤ ᠭᠤᠷᠪᠠᠳᠤᠭᠠᠷ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠵᠠᠳᠠᠯᠤᠯᠲᠠ    1-9 ᠳ᠋ᠦᠭᠡᠷ ᠰᠠᠷ᠎ᠠ ᠳᠤ᠂ ᠮᠠᠨ ᠤ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠶ ᠪᠠᠷ ᠨᠢᠭᠡᠳᠦᠯᠲᠡᠶ ᠲᠥᠯᠥᠪᠯᠡᠵᠦ᠂ ᠪᠥᠬᠦ ᠬᠤᠰᠢᠭᠤᠨ ᠤ ᠠᠵᠤ ᠠᠬᠤᠶ ᠦᠷᠭᠦᠯᠵᠢᠯᠡᠨ ᠰᠠᠶᠢᠵᠢᠷᠠᠬᠤ ᠬᠠᠨᠳᠤᠰᠢ ᠲᠠᠢ ᠪᠣᠯᠵᠣ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠰᠥᠭᠡᠷᠭᠦ ᠪᠠᠶᠢᠭᠰᠠᠨ ᠠᠴᠠ ᠪᠠᠨ ᠡᠶᠡᠷᠡᠬᠦ ᠪᠤᠯᠵᠤ᠂ ᠠᠳᠠᠯᠢ ᠬᠤᠭᠤᠴᠠᠭᠠᠨ ᠤ ᠬᠢ ᠠᠴᠠ 1.5% ᠪᠠᠷ ᠨᠡᠮᠡᠭᠳᠡᠨ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠦᠷᠭᠦᠯᠵᠢᠯᠡᠨ ᠰᠡᠷᠭᠦᠵᠦ ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠥᠨᠳᠥᠷ ᠬᠡᠮᠵᠢᠶᠡᠨ ᠳᠤ ᠨᠡᠮᠡᠭᠳᠡᠨ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠵᠢᠯᠯᠠᠭᠠᠨ ᠲᠣᠭᠲᠠᠭᠤᠨ ᠪᠠᠶᠢᠵᠤ᠂ ᠭᠤᠤᠯ ᠪᠣᠯᠬᠤ ᠠᠵᠤ ᠠᠬᠤᠶ ᠶᠢᠨ ᠬᠦᠢᠴᠡᠳᠬᠡᠯ ᠲᠤᠭ᠎ᠠ ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠃ᠨᠢᠭᠡ᠂ ᠶᠡᠷᠦᠩᠬᠡᠶ ᠴᠣᠭᠴᠠ ᠶᠢᠨ ᠬᠥᠭᠵᠢᠯᠲᠡ ᠲᠣᠭᠲᠠᠭᠤᠨ ᠪᠠᠶᠢᠬᠤ ᠶᠢᠨ ᠵᠡᠷᠭᠡ ᠳᠤ ᠤᠷᠤᠭᠰᠢᠯᠠᠯᠲᠠ ᠲᠠᠢ ᠪᠣᠯᠪᠠ    ᠠᠩᠬ᠎ᠠ ᠠᠯᠬᠤᠮ ᠤᠨ ᠲᠣᠭᠠᠴᠠᠭ᠎ᠠ ᠬᠢᠭᠰᠡᠨ ᠢᠶᠠᠷ᠂ ᠭᠤᠷᠪᠠᠳᠤᠭᠠᠷ ᠤᠯᠠᠷᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 80.6 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 1.5% ᠪᠠᠷ ᠨᠡᠮᠡᠭᠳᠡᠨ᠂ ᠰᠥᠭᠡᠷᠭᠦ ᠪᠠᠶᠢᠭᠰᠠᠨ ᠠᠴᠠ ᠪᠠᠨ ᠡᠶᠡᠷᠡᠬᠦ ᠪᠤᠯᠵᠤ ᠂ ᠪᠥᠬᠦ ᠬᠤᠲᠠ ᠳᠤ ᠠᠷᠪᠠᠳᠤᠭᠠᠷ ᠲᠤ ᠣᠷᠣᠪᠠ᠃ᠡᠭᠦᠨ ᠳᠤ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 6.4 ᠳ᠋ᠦᠩᠰᠢᠭᠤᠷ ᠲᠥᠭᠦᠷᠢᠭ ᠲᠤ ᠬᠦᠷᠴᠦ᠂ 4.6% ᠪᠠᠷ ᠨᠡᠮᠡᠭᠳᠡᠨ᠂ ᠪᠥᠬᠦ ᠬᠤᠲᠠ ᠳᠤ ᠬᠤᠶᠠᠳᠤᠭᠠᠷ ᠲᠤ ᠣᠷᠣᠪᠠ︔    ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 38.1 ᠳ᠋ᠦᠩᠰᠢᠭᠤᠷ ᠲᠥᠭᠦᠷᠢᠭ ᠲᠤ ᠬᠦᠷᠴᠦ᠂ 4.5% ᠪᠠᠷ ᠨᠡᠮᠡᠭᠳᠡᠨ᠂ ᠪᠥᠬᠦ ᠬᠤᠲᠠ ᠳᠤ ᠵᠢᠷᠭᠤᠳᠤᠭᠠᠷ ᠲᠤ ᠣᠷᠣᠪᠠ᠃    ᠭᠤᠷᠪᠠᠨ ᠠᠵᠤ ᠦᠢᠯᠡᠰ ᠤᠨ ᠪᠦᠲᠦᠴᠡ ᠶᠢᠨ ᠬᠠᠷᠢᠴᠠᠯ ᠨᠢ᠄ 8.0᠄ 44.8᠄ 47.2 ᠪᠣᠯᠤᠨ᠎ᠠ᠃ᠬᠤᠶᠠᠷ᠂ ᠲᠠᠷᠢᠶᠠᠯᠠᠩ ᠤᠨ ᠦᠢᠯᠡᠳᠪᠦᠷᠢᠯᠡᠯ ᠡᠮᠬᠢ ᠵᠢᠷᠤᠮ ᠲᠠᠢ ᠪᠠᠷ ᠬᠥᠭᠵᠢᠵᠦ᠂ ᠲᠠᠷᠢᠶᠠᠯᠠᠩ ᠤᠢ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠦᠢᠯᠡᠴᠢᠯᠡᠭᠡᠨ ᠤ ᠦᠢᠯᠡᠰ ᠤᠨ ᠡᠵᠡᠯᠡᠬᠦ ᠬᠠᠷᠢᠴᠠᠯ ᠳᠡᠭᠡᠭᠰᠢᠯᠡᠪᠡ    ᠭᠤᠷᠪᠠᠳᠤᠭᠠᠷ ᠤᠯᠠᠷᠢᠯ ᠳᠤ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ 13.8 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 5.3% ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ 3.3 ᠵᠠᠭᠤᠨ ᠤ ᠨᠢᠭᠡᠴᠢ ᠪᠠᠭᠤᠷᠠᠵᠤ᠂ ᠪᠥᠬᠦ ᠬᠤᠲᠠ ᠶᠢᠨ ᠨᠡᠮᠡᠭᠳᠡᠯ ᠤᠨ ᠬᠤᠷᠳᠤᠴᠠ ᠠᠴᠠ 1.0 ᠵᠠᠭᠤᠨ ᠤ ᠨᠢᠭᠡᠴᠢ ᠥᠨᠳᠥᠷ ᠪᠣᠯᠵᠠᠶ᠃ ᠡᠭᠦᠨ ᠳᠤ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠦᠢᠯᠡᠴᠢᠯᠡᠭᠡᠨ ᠦ ᠦᠢᠯᠡᠰ ᠦᠨ ᠦᠢᠯᠡᠳᠬᠦᠨ ᠤ ᠥᠷᠲᠡᠭ 0.5 ᠳ᠋ᠦᠩᠰᠢᠭᠤᠷ ᠲᠥᠭᠦᠷᠢᠭ ᠲᠤ ᠬᠦᠷᠴᠦ᠂ 13.6% ᠪᠠᠷ ᠨᠡᠮᠡᠭᠳᠡᠨ᠂ ᠪᠥᠬᠦ ᠬᠤᠲᠠ ᠶᠢᠨ ᠨᠡᠮᠡᠭᠳᠡᠯ ᠤᠨ ᠬᠤᠷᠳᠤᠴᠠ ᠠᠴᠠ 3.2 ᠵᠠᠭᠤᠨ ᠤ ᠨᠢᠭᠡᠴᠢ ᠥᠨᠳᠥᠷ ᠪᠣᠯᠵᠣ᠂ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠦᠢᠯᠡᠴᠢᠯᠡᠭᠡᠨ ᠤ ᠦᠢᠯᠡᠰ ᠦᠨ ᠦᠢᠯᠡᠳᠬᠦᠨ ᠤ ᠥᠷᠲᠡᠭ 3.6% ᠶᠢ ᠡᠵᠡᠯᠡᠵᠦ᠂ ᠨᠢᠳᠤᠨᠤᠨ ᠡᠴᠡ 0.6 ᠵᠠᠭᠤᠨ ᠤ ᠨᠢᠭᠡᠴᠢ ᠥᠨᠳᠥᠷ ᠪᠣᠯᠵᠠᠶ᠃ᠭᠤᠷᠪᠠ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠦᠷᠭᠦᠯᠵᠢᠯᠡᠨ ᠰᠡᠷᠭᠦᠵᠦ᠂ ᠠᠰᠢᠭ ᠬᠤᠨᠵᠢᠪᠣᠷᠢ᠂ ᠭᠠᠶᠢᠯᠢ ᠶᠢᠨ ᠮᠥᠩᠭᠦ ᠵᠡᠷᠭᠡ ᠪᠡᠷ ᠨᠡᠮᠡᠭᠳᠡᠪᠡ    ᠭᠤᠷᠪᠠᠳᠤᠭᠠᠷ ᠤᠯᠠᠷᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠳᠠᠯᠢ ᠬᠤᠭᠤᠴᠠᠭᠠᠨ ᠤ ᠬᠢ ᠠᠴᠠ 1.8% ᠪᠠᠷ ᠪᠠᠭᠤᠷᠠᠵᠤ᠂ ᠳᠡᠭᠡᠷ᠎ᠡ ᠬᠠᠭᠠᠰ ᠵᠢᠯ ᠤᠨ ᠬᠢ ᠠᠴᠠ 8.2 ᠵᠠᠭᠤᠨ ᠤ ᠨᠢᠭᠡᠴᠢ ᠪᠠᠭᠠᠰᠴᠤ᠂ ᠪᠥᠬᠦ ᠬᠤᠲᠠ ᠶᠢᠨ ᠨᠡᠮᠡᠭᠳᠡᠯ ᠤᠨ ᠬᠤᠷᠳᠤᠴᠠ ᠠᠴᠠ 3.5 ᠵᠠᠭᠤᠨ ᠤ ᠨᠢᠭᠡᠴᠢ ᠳᠣᠤᠷ᠎ᠠ ᠪᠠᠶᠢᠵᠤ᠂ ᠪᠥᠬᠦ ᠬᠤᠲᠠ ᠶᠢᠨ 11 ᠳ᠋ᠦᠭᠡᠷ ᠪᠠᠶᠢᠷᠢᠨ ᠳᠤ ᠣᠷᠣᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ 9 ᠳ᠋ᠦᠭᠡᠷ ᠰᠠᠷ᠎ᠠ ᠳᠤ 30.5 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 0.15% ᠪᠠᠷ ᠨᠡᠮᠡᠭᠳᠡᠨ᠂ 1-9 ᠳ᠋ᠦᠭᠡᠷ ᠰᠠᠷ᠎ᠠ ᠳᠤ ᠨᠡᠶᠢᠲᠡ 228.9 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.36% ᠪᠠᠷ ᠨᠡᠮᠡᠭᠳᠡᠪᠡ᠃ᠲᠦᠷᠪᠡ᠂ ᠬᠡᠷᠡᠭᠯᠡᠭᠡᠨ ᠤ ᠵᠠᠬ᠎ᠠ ᠳᠡᠯᠭᠡᠭᠦᠷ ᠦᠷᠭᠦᠯᠵᠢᠯᠡᠨ ᠰᠠᠶᠢᠵᠢᠷᠠᠵᠤ᠂ ᠬᠤᠳᠠ ᠪᠠᠯᠭᠠᠰᠤᠨ ᠤ ᠭᠠᠵᠠᠷ ᠣᠷᠣᠨ ᠤ ᠬᠡᠷᠡᠭᠯᠡᠭᠡᠨ ᠤ ᠲᠠᠶᠢᠴᠢᠯᠠᠯᠳᠠ ᠴᠢᠩᠭᠠᠷᠠᠪᠠ    ᠭᠤᠷᠪᠠᠳᠤᠭᠠᠷ ᠤᠯᠠᠷᠢᠯ ᠳᠤ ᠨᠡᠶᠢᠭᠡᠮ ᠤᠨ ᠬᠡᠷᠡᠭᠯᠡᠭᠡᠨ ᠤ ᠵᠦᠢᠯ ᠦᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 23.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.7% ᠪᠠᠷ ᠨᠡᠮᠡᠭᠳᠡᠨ᠂ ᠪᠥᠬᠦ ᠬᠤᠲᠠ ᠶᠢᠨ ᠨᠡᠮᠡᠭᠳᠡᠯ ᠤᠨ ᠬᠤᠷᠳᠤᠴᠠ ᠠᠴᠠ 0.2 ᠵᠠᠭᠤᠨ ᠤ ᠨᠢᠭᠡᠴᠢ ᠥᠨᠳᠥᠷ ᠪᠣᠯᠵᠣ᠂ ᠪᠥᠬᠦ ᠬᠤᠲᠠ ᠶᠢᠨ ᠳᠣᠯᠣᠳᠤᠭᠠᠷ ᠲᠤ ᠣᠷᠣᠪᠠ᠃ ᠡᠵᠡᠩᠨᠡᠯᠲᠡ ᠶᠢᠨ ᠨᠢᠭᠡᠴᠢ ᠶᠢᠨ ᠪᠠᠶᠢᠭ᠎ᠠ ᠭᠠᠵᠠᠷ ᠠᠴᠠ ᠦᠵᠡᠪᠡᠯ᠂ ᠬᠤᠳᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 3.4% ᠪᠠᠷ ᠨᠡᠮᠡᠭᠳᠡᠪᠡ︔ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 1.9% ᠪᠠᠷ ᠪᠠᠭᠤᠷᠠᠪᠠ᠃ ᠬᠡᠷᠡᠭᠯᠡᠭᠡᠨ ᠤ ᠲᠦᠷᠦᠯ ᠵᠦᠢᠯ ᠠᠴᠠ ᠦᠵᠡᠪᠡᠯ ᠂ ᠲᠠᠸᠠᠷ ᠤᠨ ᠵᠢᠵᠢᠭᠯᠡᠨ ᠬᠤᠳᠠᠯᠳᠤᠬᠤ ᠬᠡᠮᠵᠢᠶ᠎ᠡ 2.1% ᠪᠠᠷ ᠨᠡᠮᠡᠭᠳᠡᠪᠡ︔ ᠢᠳᠡᠭᠡᠨ ᠤᠮᠳᠠᠭᠠᠨ ᠤ ᠣᠷᠣᠯᠭ᠎ᠠ 4.5% ᠪᠠᠷ ᠪᠠᠭᠤᠷᠠᠪᠠ᠃ᠲᠠᠪᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠯ ᠢ ᠪᠠᠲᠤᠯᠠᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠪᠠᠯᠠ ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠪᠠᠭᠤᠷᠠᠪᠠ    ᠭᠤᠷᠪᠠᠳᠤᠭᠠᠷ ᠤᠯᠠᠷᠢᠯ ᠳᠤ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 46.6% ᠨᠡᠮᠡᠭᠳᠡᠵᠦ᠂ ᠪᠥᠬᠦ ᠬᠤᠲᠠ ᠶᠢᠨ ᠨᠡᠮᠡᠭᠳᠡᠯ ᠤᠨ ᠬᠤᠷᠳᠤᠴᠠ ᠠᠴᠠ 31.5 ᠵᠠᠭᠤᠨ ᠤ ᠨᠢᠭᠡᠴᠢ ᠥᠨᠳᠥᠷ ᠪᠣᠯᠵᠣ᠂ ᠪᠥᠬᠦ ᠬᠤᠲᠠ ᠳᠤ ᠳᠥᠷᠪᠡᠳᠦᠭᠡᠷ ᠲᠤ ᠣᠷᠣᠪᠠ᠃ ᠡᠭᠦᠨ ᠳᠤ᠂ 500 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠲᠥᠷᠥᠯ ᠵᠦᠢᠯ ᠤᠨ ᠪᠠᠯᠠ ᠣᠷᠣᠭᠤᠯᠤᠯᠲᠠ 126.7% ᠨᠡᠮᠡᠭᠳᠡᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠠᠯᠠ ᠣᠷᠣᠭᠤᠯᠤᠯᠲᠠ 24.2% ᠪᠠᠭᠤᠷᠠᠪᠠ᠃ᠵᠢᠷᠭᠤᠭ᠎ᠠ᠂ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠬᠤᠲᠠ ᠪᠠᠯᠭᠠᠰᠤ ᠶᠢᠨ ᠬᠢ ᠠᠴᠠ ᠲᠦᠷᠭᠡᠨ ᠪᠤᠯᠪᠠ    ᠲᠦᠷᠦᠭᠦᠤ ᠭᠤᠷᠪᠠᠨ ᠤᠯᠠᠷᠢᠯ ᠳᠤ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 18201 ᠲᠥᠭᠦᠷᠢᠭ ᠲᠤ ᠬᠦᠷᠴᠦ᠂ ᠶᠡᠷᠦᠩᠬᠡᠶ ᠬᠡᠮᠵᠢᠶ᠎ᠡ ᠨᠢ ᠪᠥᠬᠦ ᠬᠤᠲᠠ ᠶᠢᠨ ᠳᠣᠯᠣᠳᠤᠭᠠᠷ ᠲᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 7.1% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠶᠢᠰᠦᠳᠦᠭᠡᠷ ᠲᠤ ᠣᠷᠣᠪᠠ᠃    ᠡᠭᠦᠨ ᠳᠤ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 26906 ᠲᠥᠭᠦᠷᠢᠭ ᠲᠤ ᠬᠦᠷᠴᠦ᠂ ᠶᠡᠷᠦᠩᠬᠡᠶ ᠬᠡᠮᠵᠢᠶ᠎ᠡ ᠨᠢ ᠪᠥᠬᠦ ᠬᠤᠲᠠ ᠶᠢᠨ ᠳᠣᠯᠣᠳᠤᠭᠠᠷ ᠲᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 5.9% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠵᠢᠷᠭᠤᠳᠤᠭᠠᠷ ᠲᠤ ᠣᠷᠣᠪᠠ︔    ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 10971 ᠲᠥᠭᠦᠷᠢᠭ ᠲᠤ ᠬᠦᠷᠴᠦ᠂ ᠶᠡᠷᠦᠩᠬᠡᠢ ᠬᠡᠮᠵᠢᠶ᠎ᠡ ᠨᠢ ᠪᠦᠬᠦ ᠬᠤᠳᠠ ᠶᠢᠨ ᠲᠠᠪᠤᠳᠤᠭᠠᠷ ᠲᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 7.8% ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠬᠤᠳᠠ ᠶᠢᠨ ᠶᠢᠰᠦᠳᠦᠭᠡᠷ ᠲᠤ ᠣᠷᠣᠪᠠ᠃    ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠬᠠᠷᠢᠴᠠᠯ 2.45 ᠪᠠᠶᠢᠵᠤ᠂ ᠳᠡᠭᠡᠷ᠎ᠡ ᠬᠠᠭᠠᠰ ᠵᠢᠯ ᠤᠨ ᠬᠢ ᠠᠴᠠ 0.09 ᠵᠠᠭᠤᠨ ᠤ ᠨᠢᠭᠡᠴᠢ ᠪᠠᠭᠤᠷᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠤᠯᠠᠮ ᠨᠢᠭᠡ ᠠᠯᠬᠤᠮ ᠪᠠᠭᠠᠰᠪᠠ᠃     
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号