ᠬᠠᠷᠠᠴᠢᠨ ᠬᠤᠰᠢᠭᠤ 2022 ᠣᠨ ᠤ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠵᠢᠴᠢ ᠰᠡᠭᠦᠯᠴᠢ ᠶᠢᠨ ᠦᠨᠡᠯᠡᠨ ᠵᠢᠱᠢᠯᠲᠡ ᠶᠢᠨ ᠪᠠᠶᠢᠴᠠᠭᠠᠯᠲᠠ ᠶᠢ ᠤᠭᠲᠤᠬᠤ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/11
ᠬᠠᠷᠠᠴᠢᠨ ᠬᠤᠰᠢᠭᠤ 2022 ᠣᠨ ᠤ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠵᠢᠴᠢ ᠰᠡᠭᠦᠯᠴᠢ ᠶᠢᠨ ᠦᠨᠡᠯᠡᠨ ᠵᠢᠱᠢᠯᠲᠡ ᠶᠢᠨ ᠪᠠᠶᠢᠴᠠᠭᠠᠯᠲᠠ ᠶᠢ ᠤᠭᠲᠤᠬᠤ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ    11 ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠬᠠᠷᠠᠴᠢᠨ ᠬᠤᠰᠢᠭᠤ 2022 ᠣᠨ ᠤ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠭᠤᠤᠯᠳᠠᠯᠭ᠎ᠠ ᠲᠠᠢ ᠠᠵᠢᠯ ᠢ ᠳᠥᠯᠭᠢᠨ ᠠᠬᠢᠭᠤᠯᠬᠤ ᠬᠤᠷᠠᠯ ᠵᠢᠴᠢ ᠰᠡᠭᠦᠯᠴᠢ ᠶᠢᠨ ᠦᠨᠡᠯᠡᠨ ᠵᠢᠱᠢᠬᠦ ᠪᠠᠶᠢᠴᠠᠭᠠᠯᠲᠠ ᠶᠢ ᠤᠭᠲᠤᠬᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ ᠹᠠᠩ ᠷᠦᠢ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠲᠤᠤ ᠮᠧᠩ ᠬᠤᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠯᠢ ᠬᠦᠶ ᠹᠠᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠰᠢᠤᠢ ᠵᠢᠶᠠᠨ ᠬᠤᠶ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠤᠤ ᠬᠤᠩ ᠲᠦ᠋᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠸᠠᠩ ᠸᠧᠨ ᡁᠢ᠂ ᠵᠠᠰᠠᠭ ᠤᠨ ᠣᠷᠳᠣᠨ ᠤ ᠳᠡᠳ᠋ ᠳᠠᠷᠤᠭ᠎ᠠ ᠪᠢᠴᠢᠭᠲᠦ ᠬᠤᠷᠠᠯ ᠳᠤ ᠣᠷᠣᠯᠴᠠᠵᠠᠶ᠃ ᠬᠤᠰᠢᠭᠤᠨ ᠬᠠᠷᠢᠶ᠎ᠠ ᠡᠯ᠎ᠡ ᠰᠠᠯᠠᠭ᠎ᠠ ᠮᠥᠴᠢᠷ᠂ ᠪᠣᠭᠤᠮᠲᠠ ᠶᠢᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ ᠪᠣᠯᠤᠨ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠵᠢᠴᠢ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠨᠥᠬᠦᠳ ᠣᠷᠣᠯᠴᠠᠵᠤ᠂ ᠬᠤᠰᠢᠭᠤᠨ ᠳᠠᠷᠤᠭ᠎ᠠ ᠵᠣᠣ ᠶᠠᠨ ᠬᠤᠩ ᠬᠤᠷᠠᠯ ᠢ ᠡᠷᠭᠢᠯᠡᠪᠡ᠃    ᠹᠠᠩ ᠷᠦᠢ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠡᠷᠬᠡᠪᠰᠢ ᠰᠡᠭᠦᠯᠴᠢ ᠶᠢᠨ ᠦᠨᠡᠯᠡᠯᠲᠡ ᠶᠢᠨ ᠠᠵᠢᠯ ᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ᠪᠠᠶᠢᠳᠠᠯ ᠢ ᠲᠣᠳᠣᠷᠬᠠᠶ ᠲᠠᠨᠢᠵᠤ᠂ ᠵᠣᠭᠰᠣᠴᠠ ᠪᠠᠨ ᠳᠡᠭᠡᠭᠰᠢᠯᠡᠭᠦᠯᠦᠨ᠂ ᠤᠯᠤᠰ ᠲᠥᠷᠥ ᠶᠢᠨ ᠲᠠᠯ᠎ᠠ ᠠᠴᠠ ᠦᠵᠡᠵᠦ ᠂ ᠤᠯᠤᠰ ᠲᠥᠷᠥ ᠶᠢᠨ ᠲᠠᠯ᠎ᠠ ᠠᠴᠠ ᠰᠢᠢᠳᠪᠦᠷᠢᠯᠡᠵᠦ᠂ ᠪᠣᠳᠠᠲᠠᠶ ᠠᠳᠬᠤᠵᠤ ᠰᠠᠶᠢᠲᠤᠷ ᠠᠳᠬᠤᠵᠤ ᠦᠷ᠎ᠡ ᠪᠦᠲᠦᠮᠵᠢ ᠭᠠᠷᠭᠠᠬᠤ ᠬᠡᠷᠡᠭᠲᠡᠶ᠃ ᠣᠳᠣᠬᠠᠨ ᠳᠤ ᠪᠦᠭᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠠᠭ ᠬᠡᠯᠪᠡᠷᠢ ᠪᠠᠨ ᠬᠤᠪᠢᠷᠠᠭᠤᠯᠤᠨ ᠪᠣᠭᠤᠮᠲᠠ ᠰᠢᠪᠲᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠃ ᠶᠢᠰᠦᠨ ᠶᠡᠭᠡ ᠭᠤᠣᠯᠯᠠᠬᠤ ᠠᠵᠤ ᠦᠢᠯᠡᠰ ᠪᠠ ᠣᠢ ᠰᠢᠭᠤᠶ ᠶᠢᠨ ᠠᠵᠤ ᠠᠬᠤᠶ ᠶᠢᠨ ᠳᠠᠪᠠᠭᠤᠯᠢᠭ ᠠᠵᠤ ᠦᠢᠯᠡᠰ ᠲᠣᠭᠲᠠᠭᠤᠨ ᠢᠶᠠᠷ ᠳᠡᠭᠡᠭᠰᠢᠯᠡᠵᠦ᠂ ᠵᠢᠷᠭᠤᠭᠠᠨ ᠲᠠᠪᠴᠠᠩ ᠤᠨ ᠠᠴᠢᠶᠠᠯᠠᠪᠤᠷᠢ ᠰᠢᠨ᠎ᠡ ᠰᠡᠳᠦᠪ ᠠᠴᠠ ᠡᠬᠢᠯᠡᠨ ᠬᠥᠭᠵᠢᠵᠦ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠲᠣᠪᠤᠶᠢᠮ᠎ᠠ ᠠᠮᠵᠢᠯᠲᠠ ᠣᠯᠵᠤ᠂ ᠬᠥᠭᠵᠢᠯᠲᠡ ᠶᠢᠨ ᠣᠷᠴᠢᠨ ᠲᠣᠭᠤᠷᠢᠨ ᠦᠷᠭᠦᠯᠵᠢᠯᠡᠨ ᠰᠢᠯᠢᠳᠡᠭᠵᠢᠵᠦ᠂ ᠮᠠᠨ ᠤ ᠬᠤᠰᠢᠭᠤ ᠣᠳᠣ ᠶᠠᠭ ᠬᠥᠭᠵᠢᠯᠲᠡ ᠶᠢ ᠳᠠᠪᠠᠭ᠋ᠤ ᠰᠢᠨ᠎ᠡ ᠱᠠᠲᠤᠨ ᠳᠤ ᠠᠯᠬᠤᠨ ᠣᠷᠣᠵᠤ ᠪᠠᠶᠢᠨ᠎ᠠ᠂ ᠡᠨᠡᠬᠦ ᠱᠠᠲᠤᠨ ᠳᠤ ᠰᠡᠭᠦᠯᠴᠢ ᠶᠢᠨ ᠦᠨᠡᠯᠡᠨ ᠵᠢᠱᠢᠬᠦ ᠠᠵᠢᠯ ᠳᠤ ᠶᠠᠮᠠᠷ ᠴᠤ ᠠᠰᠠᠭᠤᠳᠠᠯ ᠭᠠᠷᠴᠤ ᠪᠣᠯᠬᠤ ᠦᠭᠡᠢ᠃ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠨᠡᠨ ᠬᠦ ᠲᠥᠪ ᠬᠤᠷᠢᠶ᠎ᠠ ᠪᠠ ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠳᠡᠭᠡᠷ᠎ᠡ ᠨᠢᠭᠡᠳᠬᠡᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠪᠠ ᠦᠨᠡᠯᠡᠨ ᠵᠢᠱᠢᠵᠦ ᠰᠢᠯᠭᠠᠨ ᠠᠪᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠬᠡᠷᠡᠭᠲᠡᠶ᠃    ᠹᠠᠩ ᠷᠦᠢ ᠱᠠᠭᠠᠷᠳᠠᠭᠰᠠᠨ ᠨᠢ᠂ ᠭᠠᠵᠠᠷ ᠤᠨ ᠲᠠᠰ ᠤᠨ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠪᠠ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠨ ᠲᠦᠷᠦᠭᠦᠯᠡᠨ ᠬᠠᠷᠢᠭᠤᠴᠠᠬᠤ ᠬᠠᠷᠢᠭᠤᠴᠠᠯᠭ᠎ᠠ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠵᠢᠯᠣᠭᠤᠳᠬᠤ ᠬᠠᠷᠢᠭᠤᠴᠠᠯᠭ᠎ᠠ᠂ ᠲᠣᠰᠬᠤᠨ ᠳᠤ ᠰᠠᠭᠤᠬᠤ ᠠᠵᠢᠯᠯᠠᠬᠤ ᠠᠩᠭᠢ ᠪᠠ ᠲᠣᠰᠬᠤᠨ ᠤ ᠨᠠᠮ ᠤᠨ ᠡᠭᠦᠷ ᠤᠨ ᠱᠦᠵᠢ ᠶᠢᠨ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠡᠨᠡ ᠵᠢᠯ ᠤᠨ ᠰᠡᠭᠦᠯᠴᠢ ᠶᠢᠨ ᠦᠨᠡᠯᠡᠯᠲᠡ ᠶᠢᠨ ᠪᠠᠶᠢᠴᠠᠭᠠᠯᠲᠠ ᠪᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠬᠢᠨᠠᠨ ᠰᠢᠯᠭᠠᠯᠲᠠ ᠨᠢ ᠥᠩᠭᠡᠷᠡᠭᠰᠡᠨ ᠤ ᠬᠢ ᠠᠴᠠ ᠪᠠᠷᠢᠮᠵᠢᠶ᠎ᠠ ᠪᠠᠷ ᠨᠠᠩ ᠥᠨᠳᠥᠷ᠂ ᠱᠠᠭᠠᠷᠳᠠᠯᠭ᠎ᠠ ᠪᠠᠷ ᠨᠠᠩ ᠴᠢᠩᠭ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠠᠶᠢᠨ ᠠᠴᠠ ᠬᠠᠯᠠᠰᠢᠷᠠᠬᠤ ᠰᠡᠳᠬᠢᠯᠭᠡ ᠪᠠ ᠰᠤᠯᠠᠷᠠᠬᠤ ᠰᠡᠳᠬᠢᠯᠭᠡ ᠶᠢ ᠡᠷᠡᠰ ᠬᠤᠷᠢᠭᠯᠠᠵᠤ᠂ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠬᠠᠮᠵᠢᠯᠴᠠᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠵᠢᠯ ᠤᠨ ᠦᠷ᠎ᠡ ᠪᠦᠲᠦᠮᠵᠢ ᠪᠠᠷ ᠢᠶᠠᠨ ᠪᠥᠬᠦ ᠬᠤᠰᠢᠭᠤᠨ ᠤ ᠠᠷᠠᠳ ᠲᠦᠮᠡᠨ ᠳᠤ ᠨᠢᠭᠡ ᠬᠤᠪᠢ ᠬᠠᠨᠤᠮᠵᠢᠲᠠᠶ ᠰᠢᠯᠭᠠᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠶ ᠭᠡᠵᠠᠢ ᠃    ᠵᠤᠤ ᠶᠠᠨ ᠬᠤᠩ ᠴᠢᠬᠤᠯᠠᠴᠢᠯᠠᠭᠰᠠᠨ ᠨᠢ ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠦᠳᠲᠡᠷ ᠲᠦᠷᠭᠡᠨ ᠬᠥᠳᠡᠯᠦᠯᠴᠡᠨ ᠠᠵᠢᠯ ᠢᠶᠠᠨ ᠥᠷᠨᠢᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠠᠶᠢᠴᠠᠭᠠᠯᠲᠠ ᠶᠢ ᠤᠭᠲᠤᠬᠤ ᠪᠡᠯᠡᠳᠬᠡᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠨᠠᠮ ᠤᠨ ᠲᠥᠪ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠪᠠ ᠥᠷᠨᠢᠭᠦᠯᠦᠭᠰᠡᠨ ᠤ ᠳᠠᠷᠠᠭᠠᠬᠢ ᠦᠨᠡᠯᠡᠨ ᠵᠢᠱᠢᠬᠦ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠢ ᠳᠠᠶᠢᠴᠢᠯᠠᠨ ᠦᠳᠲᠡᠷ ᠲᠦᠷᠭᠡᠨ ᠪᠠᠴᠢᠮ ᠪᠠᠶᠢᠳᠠᠯ ᠳᠤ ᠣᠷᠣᠭᠤᠯᠵᠤ᠂ ᠳᠠᠷᠦ᠋ᠢᠬᠠᠨ ᠬᠥᠳᠡᠯᠦᠯᠴᠡᠨ᠂ ᠦᠨᠡᠯᠡᠨ ᠵᠢᠱᠢᠬᠦ ᠪᠠᠷᠢᠮᠵᠢᠶ᠎ᠠ ᠲᠠᠢ ᠬᠠᠷᠢᠴᠠᠭᠤᠯᠵᠤ᠂ ᠪᠥᠬᠦ ᠲᠠᠯ᠎ᠠ ᠪᠠᠷ ᠳᠤᠲᠠᠭᠤ ᠶᠢ ᠪᠠᠶᠢᠴᠠᠭᠠᠨ ᠳᠤᠲᠠᠭᠤ ᠶᠢ ᠨᠥᠬᠦᠪᠥᠷᠢᠯᠡᠵᠦ᠂ ᠪᠦᠬᠦ᠋ᠢᠯᠡ ᠠᠵᠢᠯ ᠤᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠦᠨ᠂ ᠰᠡᠭᠦᠯᠴᠢ ᠶᠢᠨ ᠦᠨᠡᠯᠡᠨ ᠵᠢᠱᠢᠬᠦ ᠬᠠᠲᠠᠭᠤ ᠳᠠᠶᠢᠯᠠᠯᠳᠤᠭᠠᠨ ᠢ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ ᠭᠡᠵᠡᠶ᠃    ᠬᠤᠷᠠᠯ ᠳᠡᠭᠡᠷ᠎ᠡ᠂ ᠲᠤᠤ ᠮᠧᠩ ᠬᠤᠩ 2022 ᠣᠨ ᠤ ᠪᠠᠯᠠ ᠮᠥᠩᠭᠦ ᠶᠢ ᠵᠣᠯᠭᠠᠭᠤᠯᠬᠤ ᠲᠥᠷᠥᠯ ᠵᠦᠢᠯ ᠤᠨ ᠠᠬᠢᠴᠠ ᠵᠢᠴᠢ ᠪᠠᠯᠠ ᠮᠥᠩᠭᠦ ᠶᠢ ᠰᠠᠯᠭᠠᠨ ᠥᠭᠭᠦᠭᠰᠡᠨ ᠪᠠᠶᠢᠳᠠᠯ ᠢ ᠵᠠᠷᠯᠠᠨ ᠮᠡᠳᠡᠭᠳᠡᠵᠦ᠂ ︽2022 ᠣᠨ ᠤ ᠬᠠᠷᠠᠴᠢᠨ ᠬᠤᠰᠢᠭᠤᠨ ᠤ ᠤᠯᠤᠰ ᠤᠨ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠬᠦ ᠠᠵᠢᠯ ᠤᠨ ᠬᠡᠷᠡᠭᠵᠢᠭᠦᠯᠬᠦ ᠲᠥᠰᠦᠯ︾ ᠳᠤ ᠲᠠᠶᠢᠯᠤᠮᠵᠢ ᠬᠢᠪᠠ︔ ᠸᠠᠩ ᠸᠧᠨ ᡁᠢ 2022 ᠣᠨ ᠤ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠪᠠᠯᠠ ᠮᠥᠩᠭᠦ ᠶᠢᠨ ᠲᠥᠷᠥᠯ ᠵᠦᠢᠯ ᠤᠨ ᠠᠬᠢᠴᠠ ᠵᠢᠴᠢ ᠪᠠᠯᠠ ᠮᠥᠩᠭᠦ ᠰᠠᠯᠭᠠᠨ ᠥᠭᠭᠦᠭᠰᠡᠨ ᠪᠠᠶᠢᠳᠠᠯ ᠢ ᠵᠠᠷᠯᠠᠨ ᠮᠡᠳᠡᠭᠳᠡᠵᠦ᠂ ︽ᠬᠠᠷᠠᠴᠢᠨ ᠬᠤᠰᠢᠭᠤᠨ ᠤ 2022 ᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠤᠯᠤᠰ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ ᠠᠵᠢᠯ ᠤᠨ ᠬᠡᠷᠡᠭᠵᠢᠭᠦᠯᠬᠦ ᠲᠥᠰᠦᠯ︾ ᠳᠤ ᠲᠠᠶᠢᠯᠤᠮᠵᠢ ᠬᠢᠪᠠ︔ ᠪᠢᠴᠢᠭᠲᠦ ᠰᠡᠭᠦᠯᠴᠢ ᠶᠢᠨ ᠦᠨᠡᠯᠡᠯᠲᠡ ᠶᠢᠨ ᠪᠡᠯᠡᠳᠬᠡᠯ ᠵᠢᠴᠢ ᠬᠤᠯᠪᠣᠭᠳᠠᠯ ᠪᠦᠬᠦᠢ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号