ᠬᠤᠰᠢᠭᠤᠨ ᠤ ᠨᠠᠮ ᠤᠨ ᠬᠤᠷᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠦ ᠤᠬᠠᠭᠤᠯᠤᠨ ᠲᠤᠤᠱᠯᠠᠭᠤᠯᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/12
ᠬᠤᠰᠢᠭᠤᠨ ᠤ ᠨᠠᠮ ᠤᠨ ᠬᠤᠷᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠦ ᠤᠬᠠᠭᠤᠯᠤᠨ ᠲᠤᠤᠱᠯᠠᠭᠤᠯᠬᠤ ᠠᠵᠢᠯ ᠤᠨ ᠬᠤᠷᠠᠯ ᠬᠤᠷᠠᠯᠳᠤᠭᠤᠯᠪᠠ    11 ᠰᠠᠷ᠎ᠠ ᠶᠢᠨ 11 ᠤ ᠡᠳᠦᠷ᠂ ᠹᠠᠩ ᠷᠦᠢ ᠬᠤᠰᠢᠭᠤ ᠨᠠᠮ ᠤᠨ ᠬᠤᠷᠢᠶ᠎ᠡ ᠪᠠᠶᠢᠩᠭᠤ ᠶᠢᠨ ᠬᠤᠷᠢᠶ᠎ᠠ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠤᠬᠠᠭᠤᠯᠵᠤ ᠲᠤᠤᠱᠯᠠᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠡᠷ ᠲᠡᠭᠡᠨ ᠪᠠᠶᠢᠭ᠎ᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠮᠠ ᠵᠢᠩ ᠬᠤᠸᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠬᠤᠸᠠ ᠵᠡᠷᠭᠡ ᠬᠤᠰᠢᠭᠤᠨ ᠤ ᠤᠳᠤᠷᠢᠳᠤᠯᠭ᠎ᠠ ᠵᠢᠴᠢ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃    ᠬᠤᠷᠠᠯ ᠠᠴᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ᠪᠦᠬᠦ ᠨᠠᠮ ᠪᠦᠬᠦ ᠤᠯᠤᠰ ᠤᠨ ᠡᠯ᠎ᠡ ᠦᠨᠳᠦᠰᠦᠲᠡᠨ ᠤ ᠠᠷᠠᠳ ᠲᠦᠮᠡᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠶᠡᠭᠡ ᠬᠤᠷᠠᠯ ᠪᠣᠯᠤᠨ᠎ᠠ ᠭᠡᠵᠦ ᠵᠢᠭᠠᠵᠤ ᠭᠠᠷᠭᠠᠪᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠪᠠᠶᠠᠯᠢᠭ ᠠᠭᠤᠯᠤᠭᠳᠠᠬᠤᠨ᠂ ᠭᠤᠣᠯ ᠠᠭᠤᠯᠭ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠳᠥᠷᠪᠡᠨ ᠤᠬᠠᠮᠰᠠᠷ︾ ᠢ ᠤᠯᠠᠮ ᠨᠢᠭᠡ ᠠᠯᠬᠤᠮ ᠴᠢᠩᠭᠠᠳᠬᠠᠵᠤ᠂ ︽ᠳᠥᠷᠪᠡᠨ ᠢᠲᠡᠭᠡᠯ︾ ᠢ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠨᠡᠨ ᠬᠦ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠬᠦᠴᠦᠯᠡᠨ ᠴᠢᠷᠮᠠᠶᠢᠵᠤ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠦ᠂ ᠬᠦᠴᠢᠷ ᠪᠡᠷᠬᠡᠰᠢᠶᠡᠯ ᠢ ᠢᠯᠠᠨ ᠳᠠᠪᠠᠵᠤ ᠡᠷᠡᠯᠬᠡᠭᠯᠡᠨ ᠤᠷᠤᠭᠰᠢᠯᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ ᠳᠥᠯᠭᠢᠨ ᠠᠬᠢᠭᠤᠯᠤᠨ᠎ᠠ᠃    ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠤᠨ ᠲᠠᠰᠤᠷᠠᠯᠲᠠ ᠥᠬᠡᠶ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠶ᠃ ᠰᠤᠷᠤᠯᠴᠠᠯᠭ᠎ᠠ ᠪᠣᠯᠪᠠᠰᠤᠷᠠᠯ ᠢ ᠰᠠᠶᠢᠲᠤᠷ ᠠᠳᠬᠤᠵᠤ᠂ ᠲᠥᠪ ᠬᠤᠷᠢᠶ᠎ᠡ ᠪᠣᠯᠤᠨ ᠳᠡᠭᠡᠳᠦ ᠱᠠᠲᠤᠨ ᠤ ᠨᠠᠮ ᠤᠨ ᠬᠤᠷᠢᠶ᠎ᠡ ᠶᠢᠨ ᠱᠠᠭᠠᠷᠳᠠᠯᠭ᠎ᠠ ᠶᠣᠰᠣᠭᠠᠷ ᠪᠠᠶᠢᠷᠢᠯᠠᠭᠤᠯᠤᠯᠲᠠ ᠬᠢᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠪᠣᠯᠤᠨ ᠨᠠᠮ ᠤᠨ ᠲᠦᠷᠢᠮ ᠢ ᠨᠠᠷᠢᠨ ᠬᠢᠨᠠᠮᠠᠭᠠᠢ ᠰᠤᠷᠤᠯᠴᠠᠭᠤᠯᠵᠤ᠂ ᠤᠭ ᠵᠣᠬᠢᠶᠠᠯ ᠢ ᠤᠩᠰᠢᠬᠤ ᠂ ᠤᠭ ᠶᠣᠰᠣ ᠶᠢ ᠣᠶᠢᠯᠠᠭᠠᠬᠤ ᠶᠢ ᠪᠠᠷᠢᠮᠲᠠᠯᠠᠵᠤ᠂ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠨᠠᠷᠢᠨ ᠨᠢᠮᠪᠠᠢ ᠰᠠᠶᠢᠲᠤᠷ ᠵᠣᠬᠢᠶᠠᠨ ᠪᠠᠶᠢᠭᠤᠯᠵᠤ᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠦᠮᠡᠨ ᠡᠷᠦᠬᠡ ᠳᠤ ᠬᠦᠷᠭᠡᠵᠦ ︾ ᠤᠬᠠᠭᠤᠯᠤᠨ ᠲᠠᠶᠢᠯᠪᠤᠷᠢᠯᠠᠬᠤ ᠶᠢ ᠥᠷᠭᠡᠨ ᠢᠶᠠᠷ ᠥᠷᠨᠢᠭᠦᠯᠵᠦ᠂ ᠠᠵᠤ ᠠᠬᠤᠶᠢᠯᠠᠯ᠂ ᠬᠥᠳᠡᠭᠡ ᠲᠣᠰᠬᠤᠨ᠂ ᠪᠠᠶᠢᠭᠤᠯᠤᠯᠭ᠎ᠠ᠂ ᠰᠤᠷᠭᠠᠭᠤᠯᠢ ᠶᠢᠨ ᠬᠦᠷᠢᠶ᠎ᠡ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠣᠳᠣᠷᠬᠠᠢ ᠶᠠᠷᠢᠵᠤ᠂ ᠠᠷᠠᠳ ᠤᠯᠠᠨ ᠶᠢ ᠣᠶᠢᠯᠠᠭᠠᠭᠤᠯᠵᠤ ᠂ ᠨᠠᠶᠢᠳᠠᠪᠤᠷᠢᠵᠢᠭᠤᠯᠵᠤ ᠳᠡᠶᠢᠯᠬᠦ ᠪᠣᠯᠭᠠᠬᠤ ᠬᠡᠷᠡᠭᠲᠡᠢ ᠭᠡᠵᠠᠢ ᠃    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠡᠨᠬᠦ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠤᠨ ᠳᠤᠮᠳᠠ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠠᠷᠠᠴᠢᠨ ᠬᠤᠰᠢᠭᠤᠨ ᠳᠤ ᠦᠨᠳᠦᠰᠦᠯᠡᠭᠦᠯᠵᠦ᠂ ᠠᠮᠢᠳᠤᠯᠢᠭ ᠦᠢᠯᠡᠳᠦᠯᠭᠡ ᠶᠢ ᠪᠦᠷᠢᠯᠳᠦᠭᠦᠯᠬᠦ ᠬᠡᠷᠡᠭᠲᠡᠶ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号