ᠮᠠᠨ ᠤ ᠬᠤᠰᠢᠭᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢᠨ ᠲᠤᠰᠬᠠᠶ ᠰᠡᠳᠦᠪᠲᠦ ᠨᠣᠮ ᠤᠩᠰᠢᠬᠤ ᠠᠩᠭᠢ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠡᠷᠭᠢᠯᠡᠪᠡ
ᠨᠡᠶᠢᠲᠡᠯᠡᠭᠰᠡᠨ ᠴᠠᠭ᠄
2022/11/16
ᠮᠠᠨ ᠤ ᠬᠤᠰᠢᠭᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢᠨ ᠲᠤᠰᠬᠠᠶ ᠰᠡᠳᠦᠪᠲᠦ ᠨᠣᠮ ᠤᠩᠰᠢᠬᠤ ᠠᠩᠭᠢ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠡᠷᠭᠢᠯᠡᠪᠡ    11 ᠰᠠᠷ᠎ᠠ ᠶᠢᠨ 8 ᠤ ᠡᠳᠦᠷ ᠠᠴᠠ 11 ᠤ ᠡᠳᠦᠷ ᠪᠣᠯᠲᠠᠯ᠎ᠠ᠂ ᠮᠠᠨ ᠤ ᠬᠤᠰᠢᠭᠤᠨ ᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢᠨ ᠲᠣᠭᠤᠷᠢᠨ ᠳᠤ ᠲᠤᠰᠬᠠᠶ ᠰᠡᠳᠦᠪᠲᠦ ︵ᠥᠷᠭᠡᠳᠬᠡᠭᠰᠡᠨ︶ ᠨᠣᠮ ᠤᠩᠰᠢᠬᠤ ᠠᠩᠭᠢ ᠡᠷᠭᠢᠯᠡᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠡᠰᠢᠭᠦᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠤᠳᠤᠷᠢᠳᠬᠤ ᠨᠥᠬᠦᠳ ᠰᠤᠷᠤᠯᠴᠠᠯᠭ᠎ᠠ ᠳᠤ ᠣᠷᠣᠯᠴᠠᠵᠠᠶ᠃ ᠨᠣᠮ ᠤᠩᠰᠢᠬᠤ ᠠᠩᠬᠢ ᠨᠢ ᠤᠭ ᠵᠣᠬᠢᠶᠠᠯ ᠢ ᠰᠤᠷᠤᠯᠴᠠᠬᠤ᠂ ᠮᠡᠳᠡᠭᠦᠯᠦᠯᠲᠡ ᠶᠢ ᠤᠩᠰᠢᠨ ᠲᠠᠶᠢᠯᠪᠤᠷᠢᠯᠠᠬᠤ ᠸᠢᠳᠢᠣ᠋ ᠦᠵᠡᠬᠦ ᠪᠠ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠪᠠ᠃    ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠪᠥᠬᠦ ᠠᠭᠤᠯᠭ᠎ᠠ ᠶᠢ ᠰᠤᠷᠤᠯᠴᠠᠬᠤ ᠶᠢᠨ ᠬᠠᠮᠲᠤ ᠮᠡᠳᠡᠭᠦᠯᠦᠯᠲᠡ ᠶᠢᠨ ᠲᠠᠶᠢᠯᠤᠮᠵᠢ ᠶᠢᠨ ᠸᠢᠳᠢᠣ᠋ ᠶᠢ ᠦᠵᠡᠭᠰᠡᠨ ᠤ ᠳᠠᠷᠠᠭ᠎ᠠ᠂ ᠬᠤᠰᠢᠭᠤᠨ ᠤ ᠨᠠᠮ ᠤᠨ ᠬᠤᠷᠢᠶᠠᠨ ᠤ ᠬᠡᠰᠡᠭ ᠪᠠᠶᠢᠩᠭᠤ ᠶᠢᠨ ᠭᠡᠰᠢᠭᠦᠳ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠠᠢ ᠪᠠᠨ ᠤᠶᠠᠯᠳᠤᠭᠤᠯᠤᠨ ᠭᠤᠤᠯᠳᠠᠯᠭ᠎ᠠ ᠲᠠᠢ ᠰᠣᠯᠢᠯᠴᠠᠬᠤ ᠶᠠᠷᠢᠶ᠎ᠠ ᠲᠠᠯᠪᠢᠪᠠ᠃ ᠤᠯᠠᠨ ᠢᠶᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠂ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠯᠤᠯᠲᠠ ᠲᠦᠷᠦᠭᠳᠡᠯ ᠢᠶᠠᠨ ᠶᠠᠷᠢᠯᠴᠠᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠲᠠᠨᠢᠯᠲᠠ ᠪᠠᠨ ᠭᠦᠨᠵᠡᠭᠡᠶᠢᠷᠡᠭᠦᠯᠦᠨ᠂ ᠴᠢᠭᠯᠡᠯ ᠢᠶᠠᠨ ᠲᠣᠳᠣᠷᠬᠠᠶᠢᠯᠠᠪᠠ᠃ ᠰᠤᠷᠤᠯᠭ᠎ᠠ ᠳᠤ ᠣᠷᠣᠯᠴᠠᠭᠰᠠᠳ ᠤᠨ ᠦᠵᠡᠬᠦ ᠪᠠᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠶ ᠰᠢᠰᠲ᠋ᠧᠮ ᠲᠠᠢ ᠰᠤᠷᠤᠯᠴᠠᠨ ᠲᠤᠤᠱᠯᠠᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨ ᠬᠦ ᠦᠨᠡᠨᠴᠢ ᠰᠢᠳᠤᠷᠭᠤ ᠪᠠᠷ ︽ᠬᠤᠶᠠᠷ ᠢ ᠲᠣᠭᠲᠠᠭᠠᠬᠤ︾ ᠶᠢ ᠬᠠᠮᠠᠭᠠᠯᠠᠬᠤ ᠪᠣᠯᠭᠠᠨ ᠬᠤᠪᠢᠷᠠᠭᠤᠯᠵᠤ᠂ ︽ᠬᠤᠶᠠᠷ ᠢ ᠬᠠᠮᠠᠭᠠᠯᠠᠬᠤ︾ ᠤᠯᠤᠰ ᠲᠦᠷᠦ ᠶᠢᠨ ᠤᠬᠠᠮᠰᠠᠷ ᠢ ᠡᠷᠡᠰ ᠪᠡᠶᠡᠯᠡᠭᠦᠯᠵᠦ᠂ ᠰᠢᠨ᠎ᠡ ᠪᠠᠶᠢᠳᠠᠯ ᠳᠤ ᠵᠣᠬᠢᠴᠠᠬᠤ᠂ ᠰᠢᠨ᠎ᠡ ᠱᠠᠭᠠᠷᠳᠠᠯᠭ᠎ᠠ ᠶᠢ ᠡᠵᠡᠮᠳᠡᠬᠦ᠂ ᠰᠢᠨ᠎ᠡ ᠥᠷᠢᠰᠥᠯᠳᠦᠭᠡᠨ ᠢ ᠠᠷᠭᠠᠴᠠᠬᠤ᠂ ᠰᠢᠨ᠎ᠡ ᠠᠰᠠᠭᠤᠳᠠᠯ ᠢ ᠰᠢᠢᠳᠪᠦᠷᠢᠯᠡᠬᠦ ᠬᠦᠴᠦᠷᠬᠡᠭ ᠶᠡᠭᠡ ᠬᠥᠳᠡᠯᠭᠡᠭᠴᠢ ᠬᠦᠴᠦᠨ ᠪᠣᠯᠭᠠᠨ ᠬᠤᠪᠢᠷᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠣᠭᠤᠳᠣᠭᠤᠯᠬᠤ᠂ ᠠᠵᠢᠯ ᠢᠶᠠᠨ ᠨᠡᠩ ᠰᠠᠶᠢᠲᠤᠷ ᠲᠦᠯᠬᠢᠨ ᠠᠬᠢᠭᠤᠯᠬᠤ ᠬᠡᠷᠡᠭᠲᠡᠶ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠣᠲᠣ ᠠᠴᠠ ᠡᠬᠢᠯᠡᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠥᠷᠨᠢᠯᠲᠡ ᠶᠢ ᠤᠯᠠᠮ ᠨᠢᠭᠡ ᠠᠯᠬᠤᠮ ᠥᠷᠨᠢᠭᠦᠯᠵᠦ᠂ ᠣᠨᠣᠯ ᠤᠨ ᠰᠤᠷᠤᠯᠴᠠᠯᠭ᠎ᠠ᠂ ᠰᠣᠨᠢᠨ ᠮᠡᠳᠡᠭᠡᠨ ᠤ ᠤᠬᠠᠭᠤᠯᠭ᠎ᠠ᠂ ᠨᠡᠶᠢᠭᠡᠮ ᠤᠨ ᠤᠬᠠᠭᠤᠯᠭ᠎ᠠ᠂ ᠰᠦᠯᠵᠢᠶᠡᠨ ᠤ ᠤᠬᠠᠭᠤᠯᠭ᠎ᠠ ᠵᠡᠷᠭᠡ ᠡᠯ᠎ᠡ ᠲᠠᠯ᠎ᠠ ᠶᠢᠨ ᠠᠵᠢᠯ ᠢ ᠦᠨᠡᠨ ᠬᠦ ᠰᠠᠶᠢᠲᠤᠷ ᠠᠳᠬᠤᠵᠤ᠂ ᠣᠯᠠᠨ ᠲᠠᠪᠴᠠᠩ᠂ ᠣᠯᠠᠨ ᠲᠠᠰ ᠳᠠᠪᠬᠤᠷᠭ᠎ᠠ ᠂ ᠣᠯᠠᠨ ᠬᠡᠯᠪᠡᠷᠢ ᠪᠠᠶᠢᠳᠠᠯ ᠢᠶᠠᠷ ᠰᠤᠷᠤᠯᠴᠠᠬᠤ ᠠᠭᠤᠷ ᠠᠮᠢᠰᠬᠤᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠶ᠃ ᠡᠯ᠎ᠡ ᠱᠠᠲᠤᠨ ᠤ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠬᠢᠨ ᠵᠢᠱᠢᠶ᠎ᠡ ᠦᠵᠡᠭᠦᠯᠦᠨ ᠬᠦᠳᠦᠯᠦᠨ ᠳᠠᠭᠠᠭᠤᠯᠬᠤ ᠶᠢ ᠰᠠᠶᠢᠲᠤᠷ ᠬᠢᠵᠦ᠂ ᠭᠦᠨᠵᠡᠭᠡᠢ ᠰᠤᠷᠤᠯᠴᠠᠵᠤ ᠨᠠᠷᠢᠨ ᠤᠩᠰᠢᠬᠤ᠂ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠡᠵᠡᠮᠰᠢᠬᠦ ᠪᠠᠷ ᠪᠦᠬᠦ ᠬᠤᠰᠢᠭᠤᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠢ ᠬᠦᠳᠦᠯᠦᠨ ᠳᠠᠭᠠᠭᠤᠯᠵᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠤᠢᠢᠯᠠᠭᠠᠭᠤᠯᠬᠤ ᠬᠡᠷᠡᠭᠲᠡᠢ᠃    ᠬᠤᠷᠠᠯ ᠠᠴᠠ ᠱᠠᠭᠠᠷᠳᠠᠭᠰᠠᠨ ᠨᠢ᠂ ᠬᠤᠰᠢᠭᠤᠨ ᠱᠠᠲᠤᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠤᠯᠠᠨ ᠲᠦᠮᠡᠨᠴᠢᠯᠡᠬᠦ᠂ ᠪᠣᠳᠠᠰᠵᠢᠭᠤᠯᠬᠤ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠵᠦ᠂ ᠠᠳᠠᠯᠢ ᠪᠤᠰᠤ ᠬᠦᠯᠢᠶᠡᠨ ᠠᠪᠤᠭᠴᠢᠳ ᠤᠨ ᠬᠡᠷᠡᠭᠴᠡᠭᠡ ᠲᠠᠢ ᠤᠶᠠᠯᠳᠤᠭᠤᠯᠤᠨ᠂ ᠬᠦᠯᠢᠶᠡᠨ ᠠᠪᠤᠭᠴᠢᠳ ᠤᠨ ᠰᠣᠨᠣᠰᠴᠤ ᠲᠥᠬᠦᠭᠡᠷᠡᠬᠦ ᠦᠭᠡ ᠬᠡᠯᠡ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠣᠨᠣᠪᠴᠢᠲᠠᠶ ᠤᠬᠠᠭᠤᠯᠤᠨ ᠲᠠᠶᠢᠯᠪᠤᠷᠢᠯᠠᠵᠤ᠂ ︽ᠳᠤᠯᠤᠭ᠎ᠠ ᠶᠢ ᠲᠣᠳᠣᠷᠬᠠᠢ ᠶᠠᠷᠢᠬᠤ︾ ᠶᠢ ᠦᠨᠡᠨᠬᠦ ᠲᠣᠳᠣᠷᠬᠠᠢ ᠶᠠᠷᠢᠵᠤ᠂ ᠬᠥᠮᠦᠰ ᠢ ᠬᠦᠳᠦᠯᠦᠨ ᠳᠠᠭᠠᠭᠤᠯᠵᠤ ᠪᠠᠶᠢᠭᠠᠳ ᠨᠠᠮ ᠠᠴᠠ ᠰᠢ ᠶᠢᠨ ᠫᠢᠩ ᠨᠥᠬᠦᠷ ᠤᠨ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠲᠣᠭᠲᠠᠭᠠᠵᠤ᠂ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠬᠤ ᠪᠠᠶᠢᠷᠢ ᠰᠠᠭᠤᠷᠢ ᠶᠢ ᠲᠣᠭᠲᠠᠭᠠᠬᠤ ᠨᠢ ᠰᠢᠨ᠎ᠡ ᠴᠠᠭ ᠦᠶ᠎ᠡ ᠶᠢᠨ ᠨᠠᠮ ᠪᠣᠯᠤᠨ ᠤᠯᠤᠰ ᠤᠨ ᠦᠢᠯᠡᠰ ᠤᠨ ᠬᠥᠭᠵᠢᠯᠲᠡ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠡᠦᠬᠡᠨ ᠠᠬᠢᠴᠠ ᠶᠢ ᠠᠬᠢᠭᠤᠯᠬᠤ ᠳᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠲᠠᠢ ᠶᠤᠮ᠃    ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠃ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠥᠬᠦ ᠲᠠᠯ᠎ᠠ ᠪᠠᠷ ᠰᠤᠷᠤᠯᠴᠠᠬᠤ᠂ ᠪᠥᠬᠦ ᠲᠠᠯ᠎ᠠ ᠪᠠᠷ ᠡᠵᠡᠮᠳᠡᠬᠦ᠂ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠳᠤ ᠬᠦᠴᠦ ᠣᠷᠣᠭᠤᠯᠵᠤ᠂ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠ ᠬᠤᠶᠢᠰᠢᠳᠠ ᠶᠢᠨ ᠠᠵᠢᠯ ᠢᠶᠠᠨ ᠲᠥᠯᠥᠪᠯᠡᠬᠦ ᠶᠢ ᠨᠢᠭᠲᠠ ᠤᠶᠠᠯᠳᠤᠭᠤᠯᠵᠤ᠂ ᠵᠣᠷᠢᠭᠲᠠᠶ ᠪᠠᠷ ᠤᠷᠤᠭᠰᠢᠯᠠᠨ ᠳᠡᠪᠰᠢᠵᠦ᠂ ᠪᠤᠳᠠᠲᠠᠢ ᠠᠳᠬᠤᠨ ᠪᠣᠳᠠᠲᠠᠶ ᠠᠵᠢᠯᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠠᠷᠠᠴᠢᠨ ᠳᠤ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠭᠦᠯᠬᠦ ᠬᠡᠷᠡᠭᠲᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号