ᠵᠣᠣ ᠶᠠᠨ ᠬᠤᠩ ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/17
ᠵᠣᠣ ᠶᠠᠨ ᠬᠤᠩ ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ  ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ    11 ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠤ ᠶᠠᠨ ᠬᠤᠩ ᠪᠦᠭᠦ ᠬᠤᠰᠢᠭᠤᠨ ᠤ ᠭᠤᠣᠯᠳᠠᠯᠭ᠎ᠠ ᠲᠠᠢ ᠳᠦᠷᠦᠯ ᠵᠦᠢᠯ ᠢ ᠲᠣᠬᠢᠷᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠯᠢ ᠬᠦᠶ ᠹᠠᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠠ ᠶᠦᠩ ᠭᠠᠩ᠂ ᠳᠡᠳ᠋ ᠬᠤᠰᠢᠭᠤᠨ ᠳᠠᠷᠤᠭ᠎ᠠ ᠪᠢᠴᠢᠭᠲᠦ ᠂ ᠸᠠᠩ ᠯᠢ ᠭᠦᠸᠧ᠂ ᠢ ᠰᠢᠤ ᠴᠢᠤᠸᠠᠨ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃    ᠬᠤᠷᠠᠯ ᠠᠴᠠ 2022 ᠣᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠠᠬᠢᠴᠠ ᠶᠢᠨ ᠪᠠᠶᠢᠳᠠᠯ ᠵᠢᠴᠢ 2023 ᠣᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠲᠥᠯᠥᠪᠵᠢᠭᠦᠯᠭᠡ ᠶᠢᠨ ᠪᠠᠶᠢᠳᠠᠯ ᠢ ᠰᠣᠨᠣᠰᠴᠤ᠂ 2023 ᠣᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠪᠡᠶᠡᠯᠡᠭᠦᠯᠦᠭᠰᠡᠨ ᠪᠠᠶᠢᠳᠠᠯ ᠢ ᠨᠢᠭᠡᠳ ᠨᠢᠭᠡ ᠪᠠᠷ ᠡᠮᠬᠢᠯᠡᠬᠦ ᠶᠢᠨ ᠬᠠᠮᠲᠤ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠳᠤ ᠰᠢᠢᠳᠪᠦᠷᠢᠯᠡᠬᠦ ᠠᠷᠭ᠎ᠠ ᠳᠤᠷᠠᠳᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃    ᠵᠣᠣ ᠶᠠᠨ ᠬᠤᠩ ᠵᠢᠭᠠᠵᠤ ᠭᠠᠷᠭᠠᠭᠰᠠᠨ ᠨᠢ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠣᠯ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠥᠯᠥᠭᠡᠯᠡᠬᠦ ᠵᠠᠩᠭᠢᠯᠠᠭ᠎ᠠ ᠶᠢᠨ ᠴᠡᠭ ᠮᠥᠨ᠂ ᠠᠵᠤ ᠠᠬᠤᠶ ᠶᠢᠨ ᠲᠣᠭᠲᠠᠭᠤᠨ ᠨᠡᠮᠡᠭᠳᠡᠯ ᠪᠠ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠴᠢᠬᠤᠯᠠ ᠭᠠᠷᠳᠠᠴᠠ ᠮᠥᠨ᠃ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠨ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠬᠠᠮᠤᠭ ᠤᠨ ᠡᠷᠡᠰ ᠰᠢᠭᠤᠷᠬᠠᠶ ᠣᠪᠣᠷ᠂ ᠬᠠᠮᠤᠭ ᠤᠨ ᠪᠣᠳᠠᠲᠠᠶ ᠶᠢ ᠡᠷᠬᠢᠮᠯᠡᠬᠦ ᠰᠤᠷᠲᠠᠯ᠂ ᠬᠠᠮᠤᠭ ᠤᠨ ᠬᠦᠴᠦᠲᠡᠶ ᠠᠷᠭ᠎ᠠ ᠬᠡᠮᠵᠢᠶ᠎ᠡ ᠪᠠᠷ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠶ᠃    ᠵᠤᠤ ᠶᠠᠨ ᠬᠤᠩ ᠴᠢᠬᠤᠯᠠᠴᠢᠯᠠᠭᠰᠠᠨ ᠨᠢ ᠂ ᠲᠦᠷᠦᠯ ᠵᠦᠢᠯ ᠢ ᠲᠥᠯᠥᠪᠵᠢᠭᠦᠯᠵᠦ ᠨᠤᠲᠠᠯᠠᠬᠤ ᠶᠢ ᠴᠢᠩᠭᠠᠳᠬᠠᠵᠤ᠂ 2023 ᠣᠨ ᠤ ᠭᠤᠣᠯᠳᠠᠯᠭ᠎ᠠ ᠲᠠᠢ ᠲᠦᠷᠦᠯ ᠵᠦᠢᠯ ᠢ ᠨᠢᠭᠡᠳ ᠨᠢᠭᠡ ᠪᠠᠷ ᠵᠠᠳᠠᠯᠵᠤ᠂ ᠨᠠᠷᠢᠨ ᠨᠢᠭᠲᠠ ᠰᠤᠳᠤᠯᠤᠨ ᠮᠠᠭᠠᠳᠯᠠᠵᠤ᠂ ᠴᠢᠨᠠᠷ ᠰᠠᠶᠢᠲᠠᠢ᠂ ᠠᠷᠠᠳ ᠲᠤ ᠠᠰᠢᠭ ᠬᠦᠷᠲᠡᠭᠡᠬᠦ ᠂ ᠨᠠᠶᠢᠳᠠᠪᠤᠷᠢᠵᠢᠭᠤᠯᠵᠤ ᠪᠣᠯᠬᠤ ᠲᠦᠷᠦᠯ ᠵᠦᠢᠯ ᠢ ᠢᠷᠡᠬᠦ ᠵᠢᠯ ᠤᠨ ᠭᠤᠣᠯᠳᠠᠯᠭ᠎ᠠ ᠲᠠᠢ ᠲᠦᠷᠦᠯ ᠵᠦᠢᠯ ᠳᠤ ᠣᠷᠣᠭᠤᠯᠵᠤ᠂ ᠢᠷᠡᠬᠦ ᠵᠢᠯ ᠤᠨ ᠬᠥᠭᠵᠢᠯᠲᠡ ᠳᠤ ᠬᠥᠳᠡᠯᠭᠡᠬᠦ ᠬᠦᠴᠦᠨ ᠢ ᠨᠡᠮᠡᠭᠳᠡᠭᠦᠯᠵᠦ᠂ ᠨᠥᠭᠡᠴᠡ ᠬᠦᠴᠦᠨ ᠢ ᠬᠤᠷᠠᠮᠳᠤᠭᠤᠯᠬᠤ ᠬᠡᠷᠡᠭᠲᠡᠢ ᠭᠡᠵᠦ ᠱᠠᠭᠠᠷᠳᠠᠪᠠ᠃ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠡᠨᠡ ᠡᠪᠦᠯ ᠢᠷᠡᠬᠦ ᠬᠠᠪᠤᠷ ᠤᠨ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ︽ᠰᠢᠵᠢᠷ ᠠᠯᠳᠠᠨ ᠬᠤᠭᠤᠴᠠᠭ᠎ᠠ︾ ᠶᠢ ᠠᠮᠵᠢᠨ ᠠᠳᠬᠤᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠠᠵᠢᠯ ᠢ ᠲᠦᠷᠭᠡᠨ ᠠᠬᠢᠭᠤᠯᠵᠤ᠂ 2023 ᠣᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃    ᠬᠤᠷᠠᠯ ᠠᠴᠠ ᠪᠠᠰᠠ ᠰᠢᠪᠡᠭᠡ ᠭᠤᠣᠯ ᠤᠨ ᠡᠷᠭᠢ ᠳᠠᠭᠠᠤ ᠶᠢᠨ ᠵᠠᠭᠤᠨ ᠺᠢᠯᠤᠮᠧᠳ᠋ᠷ ᠤᠨ ᠠᠵᠤ ᠦᠢᠯᠡᠰ ᠤᠨ ᠪᠦᠰᠡ ᠶᠢ ᠲᠥᠯᠥᠪᠵᠢᠭᠦᠯᠦᠨ ᠪᠦᠳᠦᠬᠡᠨ ᠪᠠᠶᠢᠭᠤᠯᠬᠤ ᠲᠤᠬᠠᠢ ᠭᠦᠨᠵᠡᠭᠡᠢ ᠰᠤᠳᠤᠯᠤᠨ ᠶᠠᠷᠢᠯᠴᠠᠵᠤ᠂ ᠪᠠᠶᠢᠩᠭᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠨᠤᠲᠤᠭ ᠲᠠᠭᠠᠨ ᠪᠤᠴᠠᠭᠰᠠᠨ ᠰᠤᠷᠤᠭᠴᠢᠳ ᠢ ᠰᠢᠯᠵᠢᠭᠦᠯᠦᠨ ᠵᠥᠭᠡᠭᠡᠪᠦᠷᠢᠯᠡᠬᠦ ᠶᠢ ᠬᠠᠮᠢᠶᠠᠷᠬᠤ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号