ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ︽ᠵᠢᠷᠭᠤᠭ᠎ᠠ ᠶᠢ ᠵᠠᠰᠠᠵᠤ ᠵᠢᠷᠭᠤᠭ᠎ᠠ ᠶᠢ ᠠᠬᠢᠭᠤᠯᠬᠤ︾ ᠺᠠᠳ᠋ᠷ ᠤᠨ ᠰᠤᠷᠲᠠᠯ ᠤᠨ ᠴᠡᠭᠴᠡᠯᠡᠯᠲᠡ ᠵᠢᠴᠢ ᠴᠢᠬᠡᠴᠢ ᠵᠠᠰᠠᠭ ᠤᠨ ᠰᠡᠷᠡᠮᠵᠢᠯᠡᠭᠦᠯᠬᠦ ᠬᠥᠮᠦᠵᠢᠯ ᠤᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/19
ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ︽ᠵᠢᠷᠭᠤᠭ᠎ᠠ ᠶᠢ ᠵᠠᠰᠠᠵᠤ ᠵᠢᠷᠭᠤᠭ᠎ᠠ ᠶᠢ ᠠᠬᠢᠭᠤᠯᠬᠤ︾ ᠺᠠᠳ᠋ᠷ ᠤᠨ ᠰᠤᠷᠲᠠᠯ ᠤᠨ ᠴᠡᠭᠴᠡᠯᠡᠯᠲᠡ ᠵᠢᠴᠢ ᠴᠢᠬᠡᠴᠢ ᠵᠠᠰᠠᠭ ᠤᠨ ᠰᠡᠷᠡᠮᠵᠢᠯᠡᠭᠦᠯᠬᠦ ᠬᠥᠮᠦᠵᠢᠯ ᠤᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ    ︽ᠵᠢᠷᠭᠤᠭ᠎ᠠ ᠶᠢ ᠵᠠᠰᠠᠵᠤ ᠵᠢᠷᠭᠤᠭ᠎ᠠ ᠶᠢ ᠠᠬᠢᠭᠤᠯᠬᠤ︾ ᠺᠠᠳ᠋ᠷ ᠤᠨ ᠰᠤᠷᠲᠠᠯ ᠤᠨ ᠴᠡᠭᠴᠡᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠬᠤ ᠶᠢᠨ ᠲᠥᠯᠥᠭᠡ᠂ 11 ᠰᠠᠷ᠎ᠠ ᠶᠢᠨ 18 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ︽ᠵᠢᠷᠭᠤᠭ᠎ᠠ ᠶᠢ ᠵᠠᠰᠠᠵᠤ ᠵᠢᠷᠭᠤᠭ᠎ᠠ ᠶᠢ ᠠᠬᠢᠭᠤᠯᠬᠤ︾ ᠺᠠᠳ᠋ᠷ ᠤᠨ ᠰᠤᠷᠲᠠᠯ ᠤᠨ ᠴᠡᠭᠴᠡᠯᠡᠯᠲᠡ ᠵᠢᠴᠢ ᠴᠢᠬᠡᠴᠢ ᠵᠠᠰᠠᠭ ᠤᠨ ᠰᠡᠷᠡᠮᠵᠢᠯᠡᠭᠦᠯᠬᠦ ᠬᠥᠮᠦᠵᠢᠯ ᠤᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ︽ᠵᠢᠷᠭᠤᠭ᠎ᠠ ᠶᠢ ᠵᠠᠰᠠᠵᠤ ᠵᠢᠷᠭᠤᠭ᠎ᠠ ᠶᠢ ᠠᠬᠢᠭᠤᠯᠬᠤ︾ ᠺᠠᠳ᠋ᠷ ᠤᠨ ᠰᠤᠷᠲᠠᠯ ᠤᠨ ᠴᠡᠭᠴᠡᠯᠡᠯᠲᠡ ᠶᠢᠨ ᠠᠵᠢᠯ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠲᠤᠬᠠᠶ ᠪᠠᠶᠢᠷᠢᠯᠠᠭᠤᠯᠤᠯᠲᠠ ᠬᠢᠵᠦ᠂ ᠬᠠᠤᠯᠢ ᠴᠠᠭᠠᠵᠠ ᠰᠠᠬᠢᠯᠭ᠎ᠠ ᠪᠠᠲᠤ ᠵᠥᠷᠢᠴᠡᠭᠰᠡᠨ ᠬᠡᠰᠡᠭ ᠨᠡᠶᠢᠲᠡᠯᠢᠭ ᠬᠡᠷᠡᠭ ᠤᠨ ᠵᠢᠱᠢᠶ᠎ᠡ ᠶᠢ ᠲᠥᠪᠯᠡᠷᠡᠭᠦᠯᠦᠨ ᠰᠤᠷᠤᠯᠴᠠᠪᠠ᠃    ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠷ ︽ᠵᠢᠷᠭᠤᠭ᠎ᠠ ᠶᠢ ᠵᠠᠰᠠᠵᠤ ᠵᠢᠷᠭᠤᠭ᠎ᠠ ᠶᠢ ᠠᠬᠢᠭᠤᠯᠬᠤ︾ ᠺᠠᠳ᠋ᠷ ᠤᠨ ᠰᠤᠷᠲᠠᠯ ᠤᠨ ᠴᠡᠭᠴᠡᠯᠡᠯᠲᠡ ᠶᠢᠨ ᠠᠵᠢᠯ ᠳᠤ ᠤᠬᠠᠮᠰᠠᠷ ᠠᠴᠠ ᠪᠠᠨ ᠣᠷᠣᠯᠴᠠᠬᠤ ᠬᠡᠷᠡᠭᠲᠡᠢ᠃ ︽ᠵᠢᠷᠭᠤᠭ᠎ᠠ ᠶᠢ ᠵᠠᠰᠠᠵᠤ ᠵᠢᠷᠭᠤᠭ᠎ᠠ ᠶᠢ ᠠᠬᠢᠭᠤᠯᠬᠤ︾ ᠺᠠᠳ᠋ᠷ ᠤᠨ ᠰᠤᠷᠲᠠᠯ ᠢ ᠴᠡᠭᠴᠡᠯᠡᠬᠦ ᠠᠵᠢᠯ ᠪᠣᠯ ᠰᠤᠷᠲᠠᠯ ᠤᠬᠠᠭᠤᠯᠭ᠎ᠠ ᠰᠣᠶᠣᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ᠂ ᠺᠠᠳ᠋ᠷ ᠤᠨ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠰᠤᠷᠲᠠᠯ ᠤᠬᠠᠭᠤᠯᠭ᠎ᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠪᠠᠲᠤᠯᠠᠭ᠎ᠠ ᠮᠥᠨ᠃ ᠰᠠᠯᠠᠭ᠎ᠠ ᠮᠥᠴᠢᠷ ᠪᠠᠶᠢᠭᠤᠯᠭ᠎ᠠ ᠶᠢᠨ ᠬᠢᠨ ︽ᠵᠢᠷᠭᠤᠭ᠎ᠠ ᠶᠢ ᠵᠠᠰᠠᠵᠤ ᠵᠢᠷᠭᠤᠭ᠎ᠠ ᠶᠢ ᠠᠬᠢᠭᠤᠯᠬᠤ︾ ᠺᠠᠳ᠋ᠷ ᠤᠨ ᠰᠤᠷᠲᠠᠯ ᠢ ᠴᠡᠭᠴᠡᠯᠡᠬᠦ ᠠᠵᠢᠯ ᠢ ᠣᠳᠣᠬᠠᠨ ᠤ ᠠᠵᠢᠯ ᠤᠨ ᠢᠶᠠᠨ ᠴᠢᠬᠤᠯᠠ ᠪᠠᠶᠢᠷᠢᠨ ᠳᠤ ᠲᠠᠯᠪᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠠᠢ ᠤᠶᠠᠯᠳᠤᠭᠤᠯᠵᠤ᠂ ᠰᠤᠷᠲᠠᠯ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢ ᠴᠢᠩᠭᠠᠳᠬᠠᠵᠤ᠂ ᠰᠠᠯᠠᠭ᠎ᠠ ᠮᠦᠴᠢᠷ ᠪᠠᠶᠢᠭᠤᠯᠭ᠎ᠠ ᠶᠢᠨ ᠪᠦᠬᠦ ᠠᠵᠢᠯᠳᠠᠨ ᠤ ᠰᠤᠷᠲᠠᠯ ᠰᠠᠬᠢᠯᠭ᠎ᠠ ᠪᠠᠲᠤ ᠶᠢ ᠬᠤᠪᠢᠷᠠᠭᠤᠯᠬᠤ ᠪᠠ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠶ᠃ᠬᠤᠷᠠᠯ ᠠᠴᠠ᠂ ᠪᠤᠢ ᠪᠦᠬᠦᠢ ᠨᠠᠮ ᠤᠨ ᠭᠡᠰᠢᠭᠦᠨ ᠺᠠᠳ᠋ᠷ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠲᠠᠷᠢᠬᠢ ᠲᠣᠯᠣᠭᠠᠢ ᠪᠠᠨ ᠴᠠᠭ ᠢᠮᠠᠭᠲᠠ ᠰᠡᠷᠭᠡᠭ ᠪᠠᠶᠢᠯᠭᠠᠬᠤ ᠬᠡᠷᠡᠭᠲᠡᠢ︔ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ ᠬᠠᠤᠯᠢ ᠴᠠᠭᠠᠵᠠ ᠶᠢ ᠰᠠᠬᠢᠵᠤ᠂ ᠦᠯᠢᠭᠡᠷ ᠵᠢᠱᠢᠶ᠎ᠡ ᠦᠵᠡᠭᠦᠯᠬᠦ ᠦᠢᠯᠡᠳᠦᠯ ᠢ ᠲᠦᠷᠦᠭᠦᠯᠡᠨ ᠰᠠᠶᠢᠲᠤᠷ ᠬᠢᠵᠦ᠂ ᠨᠡᠶᠢᠲᠡᠯᠢᠭ ᠬᠡᠷᠡᠭ ᠤᠨ ᠭᠦᠨᠵᠡᠭᠡᠶ ᠰᠤᠷᠭᠠᠮᠵᠢ ᠶᠢ ᠬᠦᠯᠢᠶᠡᠨ ᠠᠪᠬᠤ ᠬᠡᠷᠡᠭᠲᠡᠶ᠂ ᠥᠪᠡᠷ ᠤᠨ ᠤᠯᠤᠰ ᠲᠦᠷᠦ ᠶᠢᠨ ᠠᠮᠢ ᠨᠠᠰᠤ ᠪᠠ ᠡᠷᠬᠡ ᠴᠢᠯᠥᠭᠡ ᠪᠠᠷ ᠢᠶᠠᠨ ᠬᠠᠤᠯᠢ ᠴᠠᠭᠠᠵᠠ ᠶᠢ ᠡᠰᠡᠷᠭᠦᠴᠡᠵᠦ ᠪᠣᠯᠬᠤ ᠦᠭᠡᠢ᠂ ᠶᠣᠰᠣ ᠮᠣᠷᠠᠯ ᠤᠨ ᠬᠢᠵᠠᠭᠠᠷ ᠱᠤᠭᠤᠮ ᠢ ᠰᠠᠬᠢᠵᠤ᠂ ᠬᠠᠤᠯᠢ ᠴᠠᠭᠠᠵᠠ ᠶᠢᠨ ᠤᠯᠠᠭᠠᠨ ᠱᠤᠭᠤᠮ ᠢ ᠬᠦᠨᠳᠡᠬᠦ ᠦᠭᠡᠢ ᠪᠠᠶᠢᠬᠤ ᠬᠡᠷᠡᠭᠲᠡᠶ︔ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠴᠢᠩᠭ᠎ᠠ ᠪᠠᠶᠢᠭᠤᠯᠵᠤ᠂ ᠤᠯᠤᠰ ᠲᠦᠷᠦ ᠶᠢᠨ ᠤᠨᠤᠯ ᠤᠨ ᠰᠤᠷᠤᠯᠴᠠᠯᠭ᠎ᠠ ᠶᠢ ᠴᠢᠩᠭᠠᠳᠬᠠᠬᠤ ᠬᠡᠷᠡᠭᠲᠡᠢ᠃    ᠬᠤᠷᠠᠯ ᠤᠨ ᠳᠠᠷᠠᠭ᠎ᠠ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠭᠤᠯᠤᠯᠭ᠎ᠠ ᠶᠢᠨ ᠨᠠᠮ ᠤᠨ ᠡᠭᠦᠷ ᠠᠴᠠ ︽ᠰᠤᠷᠲᠠᠯ ᠢ ᠴᠢᠩᠭᠠᠳᠬᠠᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠰᠠᠬᠢᠯᠭ᠎ᠠ ᠪᠠᠲᠤ ᠶᠢ ᠠᠳᠬᠤᠬᠤ᠂ ᠠᠷᠢᠭᠤᠨ ᠴᠢᠬᠡᠴᠢ ᠶᠢ ᠡᠷᠬᠢᠮᠯᠡᠬᠦ᠂ ᠬᠤᠷᠢᠭ᠎ᠠ ᠱᠤᠭᠤᠮ ᠢ ᠲᠣᠳᠣᠷᠬᠠᠶᠢᠯᠠᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ᠬᠠᠷᠠᠴᠢᠨ ᠬᠤᠰᠢᠭᠤᠨ ᠤ ᠠᠷᠢᠭᠤᠨ ᠴᠢᠬᠡᠴᠢ ᠰᠣᠶᠣᠯ ᠤᠨ ᠭᠤᠤᠯ ᠰᠡᠳᠦᠪᠲᠦ ᠴᠡᠴᠡᠷᠯᠢᠭ ᠢ ᠲᠣᠭᠤᠷᠢᠨ ᠦᠵᠡᠭᠦᠯᠵᠦ᠂ ᠪᠠᠶᠢᠭᠤᠯᠤᠯᠭ᠎ᠠ ᠶᠢᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠨᠠᠮ ᠤᠨ ᠭᠡᠰᠢᠭᠦᠨ ᠺᠠᠳ᠋ᠷᠴᠤᠳ ᠤᠨ ᠢᠯᠵᠠᠷᠠᠯ ᠢ ᠡᠰᠡᠷᠭᠦᠴᠡᠨ ᠬᠤᠪᠢᠷᠠᠭᠤᠯᠤᠯᠲᠠ ᠶᠢ ᠰᠡᠷᠭᠡᠶᠢᠯᠡᠬᠦ ᠦᠵᠡᠯ ᠰᠠᠨᠠᠭ᠎ᠠ ᠶᠣᠰᠣ ᠮᠣᠷᠠᠯ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号