ᠬᠤᠰᠢᠭᠤᠨ ᠳᠠᠷᠤᠭ᠎ᠠ ᠵᠣᠣ ᠶᠠᠨ ᠬᠤᠩ 2022 ᠣᠨ ᠤ ᠵᠠᠰᠠᠭ ᠤᠨ ᠣᠷᠳᠣᠨ ᠤ 9 ᠳ᠋ᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/2
ᠬᠤᠰᠢᠭᠤᠨ ᠳᠠᠷᠤᠭ᠎ᠠ ᠵᠣᠣ ᠶᠠᠨ ᠬᠤᠩ 2022 ᠣᠨ ᠤ ᠵᠠᠰᠠᠭ ᠤᠨ ᠣᠷᠳᠣᠨ ᠤ 9 ᠳ᠋ᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ    11 ᠳ᠋ᠦᠭᠡᠷ ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ 2022 ᠣᠨ ᠤ 9 ᠳ᠋ᠦᠭᠡᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠯᠢ ᠬᠦᠶ ᠹᠠᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠠ ᠶᠦᠩ ᠭᠠᠩ᠂ ᠸᠠᠩ ᠸᠧᠨ ᡁᠢ᠂ ᠳᠡᠳ᠋ ᠬᠤᠰᠢᠭᠤᠨ ᠳᠠᠷᠤᠭ᠎ᠠ ᠪᠢᠴᠡᠳᠤ᠂ ᠸᠠᠩ ᠯᠢ ᠭᠦᠸᠧ᠂ ᠰᠢᠶ᠋ᠸ ᠶᠦᠨ ᠰᠥᠩ ᠬᠤᠷᠠᠯ ᠳᠤ ᠣᠷᠣᠯᠴᠠᠵᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠬᠤᠯᠪᠣᠭᠳᠠᠯ ᠪᠥᠬᠦᠶ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ     ᠬᠤᠷᠠᠯ ᠠᠴᠠ ᠬᠠᠷᠠᠴᠢᠨ ᠬᠤᠰᠢᠭᠤᠨ ᠤ ᠴᠣᠬᠤᠶ ᠶᠢᠨ ᠴᠢᠯᠠᠭᠤᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠲᠥᠰᠦᠯ ᠤᠨ ᠪᠢᠩ ᠯᠠᠩ ᠭᠸᠦ ᠠᠭᠤᠷᠬᠠᠶ ᠶᠢᠨ ᠣᠷᠣᠨ ᠤ ᠡᠮᠦᠨ᠎ᠡ ᠲᠠᠯ᠎ᠠ ᠶᠢᠨ ᠡᠮᠬᠢᠯᠡᠨ ᠨᠡᠶᠢᠯᠡᠭᠦᠯᠬᠦ ᠬᠡᠰᠡᠭ ᠤᠨ ᠣᠷᠣᠨ ᠳᠤ ᠲᠣᠬᠢᠷᠠᠭᠤᠯᠤᠯᠲᠠ ᠬᠢᠭᠰᠡᠨ ᠬᠤᠯᠪᠣᠭᠳᠠᠯ ᠪᠥᠬᠦᠶ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠶ ᠪᠠᠶᠢᠷᠢᠯᠠᠭᠤᠯᠤᠯᠲᠠ ᠬᠢᠪᠠ᠃    ᠬᠤᠷᠠᠯ ᠠᠴᠠ᠂ ᠠᠷᠪᠠᠨ ᠭᠡᠷ ᠮᠠᠨᠵᠤ ᠦᠨᠳᠦᠰᠦᠲᠡᠨ ᠤ ᠰᠢᠶᠠᠩ ᠤᠨ ᠴᠣᠬᠤᠢ ᠶᠢᠨ ᠴᠢᠯᠠᠭᠤᠨ ᠠᠭᠤᠷᠬᠠᠢ ᠶᠢᠨ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢ ᠥᠷᠨᠢᠭᠦᠯᠵᠦ᠂ ᠠᠷᠪᠠᠨ ᠭᠡᠷ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠬᠤ ᠪᠣᠯ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠤᠯᠤᠰ ᠲᠥᠷᠦ ᠶᠢᠨ ᠡᠭᠦᠷᠭᠡ ᠪᠣᠯᠬᠤ ᠪᠥᠭᠡᠳ ᠪᠠᠰᠠ ᠴᠤ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ ᠭᠡᠪᠡ ᠃    ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠤᠯᠤᠰ ᠲᠥᠷᠥ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠬᠥᠭᠵᠢᠯᠲᠡ ᠪᠠ ᠠᠮᠢ ᠠᠬᠤᠶ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠴᠣᠬᠤᠶ ᠶᠢᠨ ᠴᠢᠯᠠᠭᠤᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠣᠲᠣ ᠦᠶ᠎ᠡ ᠶᠢᠨ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠲᠦᠷᠭᠡᠳᠬᠡᠨ ᠪᠠᠶᠢᠭᠤᠯᠵᠤ᠂ ᠴᠣᠬᠤᠶ ᠶᠢᠨ ᠴᠢᠯᠠᠭᠤᠨ ᠤ ᠡᠬᠢ ᠪᠠᠶᠠᠯᠢᠭ ᠤᠨ ᠪᠣᠬᠢᠷᠲᠤᠯ ᠥᠬᠡᠶ ᠬᠥᠭᠵᠢᠯᠲᠡ᠂ ᠣᠷᠴᠢᠯ ᠬᠥᠭᠵᠢᠯᠲᠡ ᠪᠠ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠤᠯᠤᠰ ᠲᠥᠷᠥ ᠶᠢᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠣᠶᠤᠨ ᠴᠢᠳᠠᠯ ᠢᠶᠠᠨ ᠲᠥᠪᠯᠡᠷᠡᠭᠦᠯᠦᠨ᠂ ᠠᠵᠢᠯ ᠤᠨ ᠬᠤᠭᠤᠴᠠᠭ᠎ᠠ ᠪᠠᠨ ᠭᠡᠳᠡᠷᠭᠦ ᠪᠠᠶᠢᠷᠢᠯᠠᠭᠤᠯᠵᠤ᠂ ᠴᠣᠬᠤᠶ ᠶᠢᠨ ᠴᠢᠯᠠᠭᠤ ᠶᠢᠨ ᠠᠭᠤᠷᠬᠠᠶ ᠮᠠᠯᠲᠠᠬᠤ ᠡᠷᠬᠡ ᠶᠢ ᠡᠮᠬᠢᠯᠡᠨ ᠨᠡᠶᠢᠯᠡᠭᠦᠯᠬᠦ ᠪᠠ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠤ ᠵᠠᠰᠠᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ᠃ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠨᠢᠭᠲᠠ ᠬᠠᠮᠵᠢᠯᠴᠠᠨ ᠬᠠᠮᠵᠢᠯᠴᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠥᠨᠳᠥᠷ ᠪᠦᠲᠦᠮᠵᠢᠲᠡᠢ ᠰᠠᠶᠢᠲᠤᠷ ᠬᠢᠵᠦ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ ᠠᠵᠢᠯ ᠤᠨ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃    ᠬᠤᠷᠠᠯ ᠠᠴᠠ ᠪᠠᠰᠠ ᠭᠤᠷᠪᠠᠳᠤᠭᠠᠷ ᠤᠯᠠᠷᠢᠯ ᠤᠨ ᠱᠠᠯᠠᠪᠳᠠᠭᠤᠯᠤᠨ ᠪᠠᠶᠢᠴᠠᠭᠠᠬᠤ ᠪᠠ ᠰᠢᠯᠭᠠᠨ ᠪᠠᠶᠢᠴᠠᠭᠠᠬᠤ ᠶᠢ ᠬᠤᠯᠪᠣᠯᠳᠤᠭᠤᠯᠬᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号