ᠬᠤᠰᠢᠭᠤᠨ ᠳᠠᠷᠤᠭ᠎ᠠ ᠵᠣᠣ ᠶᠠᠨ ᠬᠤᠩ ᠬᠥᠬᠡᠬᠤᠲᠠ ᠡᠴᠡ ᠬᠠᠷᠠᠴᠢᠨ ᠬᠤᠰᠢᠭᠤᠨ ᠳᠤ ᠪᠤᠴᠠᠭᠰᠠᠨ ᠰᠤᠷᠤᠭᠴᠢᠳ ᠤᠨ ᠲᠤᠰᠠᠭᠠᠷᠯᠠᠨ ᠬᠠᠮᠢᠶᠠᠷᠴᠤ ᠡᠵᠡᠮᠳᠡᠬᠦ᠂ ᠲᠤᠰᠠᠭᠠᠷᠯᠠᠬᠤ ᠴᠡᠭ ᠤᠨ ᠨᠥᠭᠡᠴᠡᠯᠡᠨ ᠬᠠᠮᠢᠶᠠᠷᠬᠤ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2022/11/7
ᠬᠤᠰᠢᠭᠤᠨ ᠳᠠᠷᠤᠭ᠎ᠠ ᠵᠣᠣ ᠶᠠᠨ ᠬᠤᠩ ᠬᠥᠬᠡᠬᠤᠲᠠ ᠡᠴᠡ ᠬᠠᠷᠠᠴᠢᠨ ᠬᠤᠰᠢᠭᠤᠨ ᠳᠤ ᠪᠤᠴᠠᠭᠰᠠᠨ ᠰᠤᠷᠤᠭᠴᠢᠳ ᠤᠨ ᠲᠤᠰᠠᠭᠠᠷᠯᠠᠨ ᠬᠠᠮᠢᠶᠠᠷᠴᠤ ᠡᠵᠡᠮᠳᠡᠬᠦ᠂ ᠲᠤᠰᠠᠭᠠᠷᠯᠠᠬᠤ ᠴᠡᠭ ᠤᠨ ᠨᠥᠭᠡᠴᠡᠯᠡᠨ ᠬᠠᠮᠢᠶᠠᠷᠬᠤ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠪᠠ    11 ᠳ᠋ᠦᠭᠡᠷ ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ ᠰᠢ ᠴᠢᠶᠣᠤ ᠪᠠᠯᠭᠠᠰᠤ᠂ ᠨᠠᠷᠢᠨ ᠪᠠᠯᠭᠠᠰᠤ ᠳᠤ ᠭᠦᠨᠵᠡᠭᠡᠶᠢᠷᠡᠵᠦ᠂ ᠬᠥᠬᠡᠬᠤᠲᠠ ᠠᠴᠠ ᠬᠠᠷᠠᠴᠢᠨ ᠬᠤᠰᠢᠭᠤᠨ ᠳᠤ ᠪᠤᠴᠠᠵᠤ ᠢᠷᠡᠭᠰᠡᠨ ᠤᠶᠤᠲᠠᠳ ᠤᠨ ᠪᠢᠲᠡᠭᠦᠮᠵᠢᠯᠡᠭᠰᠡᠨ ᠰᠢᠯᠵᠢᠭᠦᠯᠦᠨ ᠵᠥᠭᠡᠭᠡᠪᠦᠷᠢᠯᠡᠬᠦ᠂ ᠬᠠᠮᠢᠶᠠᠷᠤᠨ ᠡᠵᠡᠮᠳᠡᠵᠦ ᠲᠤᠰᠠᠭᠠᠷᠯᠠᠬᠤ᠂ ᠪᠥᠭᠡᠮ ᠬᠦᠴᠢᠯ ᠢ ᠰᠢᠯᠭᠠᠨ ᠪᠠᠶᠢᠴᠠᠭᠠᠬᠤ᠂ ᠡᠳ᠋ ᠪᠣᠳᠠᠰ ᠢ ᠪᠠᠲᠤᠯᠠᠬᠤ ᠵᠡᠷᠭᠡ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠤᠰᠠᠭᠠᠷᠯᠠᠬᠤ ᠴᠡᠭ ᠤᠨ ᠬᠡᠷ ᠪᠠᠶᠢᠰᠢᠩ ᠤᠨ ᠲᠣᠬᠢᠷᠠᠭᠤᠯᠤᠯᠲᠠ ᠂ ᠠᠵᠢᠯᠲᠠᠨ ᠤ ᠲᠣᠬᠢᠷᠠᠭᠤᠯᠤᠯᠲᠠ᠂ ᠡᠮᠴᠢ ᠰᠤᠪᠢᠯᠠᠭᠴᠢ ᠶᠢᠨ ᠦᠢᠯᠡᠴᠢᠯᠡᠭᠡᠨ ᠤ ᠴᠢᠳᠠᠪᠤᠷᠢ ᠶᠢᠨ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠠᠷᠠᠭᠠᠴᠢ ᠶᠢᠨ ᠠᠯᠬᠤᠮ ᠤᠨ ᠠᠵᠢᠯ ᠢ ᠨᠠᠷᠢᠨ ᠨᠢᠮᠪᠠᠶ ᠲᠣᠬᠢᠷᠠᠭᠤᠯᠤᠨ ᠪᠠᠶᠢᠷᠢᠯᠠᠭᠤᠯᠪᠠ᠃    ᠵᠣᠣ ᠶᠠᠨ ᠬᠤᠩ ᠴᠢᠬᠤᠯᠠᠴᠢᠯᠠᠭᠰᠠᠨ ᠨᠢ᠂ ᠬᠥᠬᠡᠬᠤᠲᠠ  ᠡᠴᠡ ᠬᠠᠷᠠᠴᠢᠨ ᠬᠤᠰᠢᠭᠤᠨ ᠳᠤ ᠪᠤᠴᠠᠵᠤ ᠢᠷᠡᠭᠰᠡᠨ ᠤᠶᠤᠲᠠᠳ ᠤᠨ ᠰᠢᠯᠵᠢᠭᠦᠯᠦᠨ ᠵᠦᠭᠡᠭᠡᠪᠦᠷᠢᠯᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠠᠵᠢᠯ ᠤᠨ ᠱᠠᠭᠠᠷᠳᠠᠯᠭ᠎ᠠ ᠪᠠ ᠰᠢᠯᠵᠢᠭᠦᠯᠦᠨ ᠵᠦᠭᠡᠭᠡᠪᠦᠷᠢᠯᠡᠬᠦ ᠶᠠᠪᠤᠴᠠ ᠶᠢ ᠴᠢᠩᠭ᠎ᠠ ᠵᠢᠷᠤᠮᠯᠠᠨ᠂ ᠠᠵᠢᠯᠲᠠᠨ ᠢ ᠪᠢᠲᠡᠭᠦᠦ ᠴᠠᠭᠠᠷᠢᠭ ᠢᠶᠠᠷ ᠰᠢᠯᠵᠢᠭᠦᠯᠦᠨ ᠵᠦᠭᠡᠭᠡᠪᠦᠷᠢᠯᠡᠬᠦ ᠶᠢ ᠪᠡᠶᠡᠯᠡᠭᠦᠯᠵᠦ᠂ ᠲᠤᠰᠠᠭᠠᠷᠯᠠᠭᠰᠠᠨ ᠬᠥᠮᠦᠰ ᠪᠠ ᠠᠵᠢᠯᠲᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠪᠤᠴᠠᠵᠤ ᠢᠷᠡᠭᠰᠡᠨ ᠰᠤᠷᠤᠭᠴᠢᠳ ᠤᠨ ᠬᠠᠮᠢᠶᠠᠷᠤᠨ ᠡᠵᠡᠮᠳᠡᠬᠦ ᠠᠵᠢᠯ ᠢ ᠴᠢᠩᠭ᠎ᠠ ᠰᠠᠶᠢᠲᠤᠷ ᠬᠢᠵᠦ᠂ ︽ᠲᠠᠪᠤᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠭ᠎ᠠ ᠠᠳᠬᠤᠵᠤ᠂ ᠬᠡᠷ ᠲᠡᠭᠡᠨ ᠰᠠᠭᠤᠵᠤ ᠲᠤᠰᠠᠭᠠᠷᠯᠠᠬᠤ ᠬᠥᠮᠦᠰ ᠤᠨ ᠪᠠᠶᠢᠳᠠᠯ ᠢ ᠲᠣᠭᠲᠠᠭᠰᠠᠨ ᠴᠠᠭ ᠲᠤ ᠪᠠᠶᠢᠴᠠᠭᠠᠨ ᠦᠵᠡᠵᠦ᠂ ᠨᠡᠪᠲᠡᠷᠡᠯᠴᠡᠨ ᠵᠣᠯᠭᠠᠭᠤᠯᠬᠤ ᠶᠢ ᠰᠠᠶᠢᠲᠤᠷ ᠬᠢᠵᠦ᠂ ᠬᠠᠮᠢᠶᠠᠷᠤᠯᠲᠠ ᠶᠢ ᠣᠷᠬᠢᠭᠳᠠᠭᠤᠯᠬᠤ ᠥᠬᠡᠶ᠂ ᠬᠠᠮᠢᠶᠠᠷᠤᠯᠲᠠ ᠠᠴᠠ ᠰᠠᠯᠬᠤ ᠥᠬᠡᠶ ᠪᠠᠶᠢᠬᠤ ᠶᠢ ᠪᠠᠲᠤᠯᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃ ᠦᠢᠯᠡᠴᠢᠯᠡᠭᠡᠨ ᠤ ᠪᠠᠲᠤᠯᠠᠭ᠎ᠠ ᠶᠢ ᠭᠦᠢᠴᠡᠳ ᠰᠠᠶᠢᠲᠤᠷ ᠬᠢᠵᠦ᠂ ᠰᠣᠶᠣᠯ ᠢᠷᠭᠡᠨᠰᠢᠯ ᠤᠨ ᠬᠠᠯᠠᠮᠵᠢᠯᠠᠯ ᠪᠠ ᠳᠣᠲᠣᠨᠣ ᠬᠠᠷᠠᠭᠠᠯᠵᠠᠯ ᠢ ᠴᠢᠩᠭᠠᠳᠬᠠᠵᠤ᠂ ᠲᠤᠰᠠᠭᠠᠷᠯᠠᠭᠰᠠᠨ ᠬᠥᠮᠦᠰ ᠲᠤ ᠬᠠᠯᠠᠭᠤᠨ ᠰᠡᠳᠬᠢᠯ ᠤᠨ ᠦᠢᠯᠡᠴᠢᠯᠡᠭᠡ ᠬᠠᠩᠭᠠᠵᠤ᠂ ᠠᠮᠢᠳᠤᠷᠠᠯ ᠤᠨ ᠲᠠᠭᠠᠯᠠᠮᠵᠢ ᠲᠠᠢ ᠨᠥᠬᠦᠴᠡᠯ ᠢ ᠡᠭᠦᠳᠴᠦ᠂ ᠤᠯᠠᠨ ᠢ ᠬᠦᠳᠦᠯᠦᠨ ᠵᠢᠯᠣᠭᠤᠳᠴᠤ ᠪᠠᠶᠢᠭᠠᠳ ᠲᠤᠰᠠᠭᠠᠷᠯᠠᠵᠤ ᠬᠠᠮᠢᠶᠠᠷᠤᠨ ᠡᠵᠡᠮᠳᠡᠬᠦ ᠳᠤ ᠢᠳᠡᠪᠬᠢᠲᠡᠢ ᠬᠠᠮᠵᠢᠯᠴᠠᠭᠤᠯᠵᠤ᠂ ᠲᠡᠳᠡᠨ ᠤ ᠲᠤᠰᠠᠭᠠᠷᠯᠠᠬᠤ ᠬᠤᠭᠤᠴᠠᠭ᠎ᠠ ᠶᠢ ᠠᠮᠤᠷ ᠲᠦᠪᠰᠢᠨ᠂ ᠰᠠᠨᠠᠭ᠎ᠠ ᠠᠮᠤᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ᠵᠤᠤ ᠶᠠᠨ ᠬᠤᠩ᠂ ᠲᠥᠪᠯᠡᠷᠡᠭᠦᠯᠦᠨ ᠲᠤᠰᠠᠭᠠᠷᠯᠠᠬᠤ ᠴᠡᠭ ᠤᠨ ᠠᠵᠢᠯ ᠢ ᠰᠠᠶᠢᠲᠤᠷ ᠬᠢᠬᠦ ᠨᠢ ᠪᠦᠬᠦ ᠲᠠᠯ᠎ᠠ ᠳᠤ ᠬᠤᠯᠪᠣᠭᠳᠠᠵᠤ᠂ ᠬᠠᠷᠢᠭᠤᠴᠠᠯᠭ᠎ᠠ ᠬᠦᠨᠳᠦ ᠶᠡᠭᠡ ᠶᠤᠮ᠃ ᠲᠤᠰᠠᠭᠠᠷᠯᠠᠬᠤ ᠴᠡᠭ ᠤᠨ ᠵᠢᠷᠤᠮᠵᠢᠭᠰᠠᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠲᠤᠰᠠᠭᠠᠷᠯᠠᠬᠤ ᠴᠡᠭ ᠦᠨ ᠳᠠᠷᠤᠭ᠎ᠠ᠂ ᠠᠵᠢᠯᠲᠠᠨ ᠢ ᠲᠤᠬᠢᠷᠠᠭᠤᠯᠬᠤ ᠳᠤ ᠰᠢᠯᠢᠳᠡᠭ ᠰᠠᠶᠢᠨ ᠢ ᠨᠢ ᠰᠤᠩᠭᠤᠵᠤ᠂ ᠭᠤᠭᠴᠤᠭ᠎ᠠ ᠶᠢᠨ ᠵᠣᠯᠭᠠᠯᠴᠠᠭ᠎ᠠ ᠶᠢ ᠤᠷᠤᠭᠰᠢᠲᠠᠶ ᠪᠥᠭᠡᠳ ᠥᠨᠳᠥᠷ ᠪᠦᠲᠦᠮᠵᠢᠲᠡᠶ ᠰᠠᠶᠢᠲᠤᠷ ᠬᠢᠵᠦ᠂ ᠲᠥᠪᠯᠡᠷᠡᠭᠦᠯᠦᠨ ᠲᠤᠰᠠᠭᠠᠷᠯᠠᠬᠤ ᠴᠡᠭ ᠤᠨ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠥᠭᠡᠳ ᠤᠨᠤᠪᠴᠢᠲᠠᠢ ᠂ ᠴᠢᠩᠭ᠎ᠠ ᠨᠢᠮᠪᠠᠶ ᠰᠠᠶᠢᠲᠤᠷ ᠨᠠᠶᠢᠳᠠᠪᠤᠷᠢᠵᠢᠭᠤᠯᠵᠤ᠂ ᠵᠢᠵᠢᠭᠦᠷᠯᠡᠨ ᠰᠠᠬᠢᠵᠤ ᠪᠠᠶᠢᠭ᠎ᠠ ᠬᠥᠮᠦᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠂ ᠲᠤᠰᠠᠭᠠᠷᠯᠠᠵᠤ ᠪᠠᠶᠢᠭ᠎ᠠ ᠬᠥᠮᠦᠰ ᠢ ᠬᠠᠮᠢᠶᠠᠷᠤᠨ ᠡᠵᠡᠮᠳᠡᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠲᠥᠪᠯᠡᠷᠡᠭᠦᠯᠦᠨ ᠲᠤᠰᠠᠭᠠᠷᠯᠠᠬᠤ ᠴᠡᠭ ᠤᠨ ᠠᠮᠤᠷ ᠲᠦᠪᠰᠢᠨ᠂ ᠵᠢᠷᠤᠮᠵᠢᠯ ᠲᠠᠢ᠂ ᠡᠮᠬᠢ ᠵᠢᠷᠤᠮ ᠲᠠᠢ ᠠᠵᠢᠯᠯᠠᠬᠤ ᠶᠢ ᠪᠠᠲᠤᠯᠠᠬᠤ ᠬᠡᠷᠡᠭᠲᠡᠶ ᠭᠡᠵᠠᠢ ᠃    ᠪᠠᠶᠢᠴᠠᠭᠠᠨ ᠰᠤᠳᠤᠯᠵᠤ ᠬᠢᠨᠠᠨ ᠵᠢᠯᠣᠭᠤᠳᠬᠤ ᠬᠤᠭᠤᠴᠠᠭᠠᠨ ᠳᠤ᠂ ᠵᠤᠤ ᠶᠠᠨ ᠬᠤᠩ ᠪᠠᠰᠠ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠠᠶᠤᠯ ᠲᠦᠭᠰᠢᠭᠦᠷᠢ ᠲᠠᠢ ᠬᠥᠮᠦᠰ ᠢᠪᠠᠢᠴᠠᠭᠠᠨ ᠢᠯᠭᠠᠷᠠᠭᠤᠯᠬᠤ ᠶᠢ ᠬᠠᠮᠢᠶᠠᠷᠤᠨ ᠡᠵᠡᠮᠳᠡᠬᠦ ᠵᠡᠷᠭᠡ ᠠᠵᠢᠯ ᠢ ᠨᠠᠷᠢᠨ ᠨᠢᠮᠪᠠᠢ ᠲᠤᠬᠢᠷᠠᠭᠤᠯᠤᠨ ᠪᠠᠶᠢᠷᠢᠯᠠᠭᠤᠯᠵᠠᠢ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号