ᠤᠯᠠᠭᠠᠨᠬᠠᠳᠠ ᠶᠢᠨ ᠬᠤᠩ ᠹᠦ᠋ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠪᠡ
ᠨᠡᠶᠢᠲᠡᠯᠡᠭᠰᠡᠨ ᠴᠠᠭ᠄
2022/11/7
ᠤᠯᠠᠭᠠᠨᠬᠠᠳᠠ ᠶᠢᠨ ᠬᠤᠩ ᠹᠦ᠋ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ  ᠤᠨ ᠬᠦᠷᠢᠶᠡᠯᠡᠩ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠪᠡ    ᠤᠯᠠᠭᠠᠨᠬᠠᠳᠠ ᠶᠢᠨ ᠬᠤᠩ ᠹᠦ᠋ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠲᠣᠭᠤᠷᠢᠭ᠂ ᠬᠠᠷᠠᠴᠢᠨ ᠬᠤᠰᠢᠭᠤᠨ ᠤ ᠵᠢᠨᠱᠠᠨ ᠪᠠᠯᠭᠠᠰᠤ ᠶᠢᠨ ᠯᠦᠩ ᠱᠠᠨ ᠲᠣᠰᠬᠤᠨ ᠳᠤ ᠪᠠᠶᠢᠷᠢᠯᠠᠵᠤ᠂ ᠲᠦᠷᠦᠯ ᠵᠦᠢᠯ ᠤᠨ ᠶᠡᠷᠦᠩᠬᠡᠢ ᠲᠥᠯᠥᠪᠵᠢᠭᠦᠯᠭᠡ ᠶᠢᠨ ᠡᠵᠡᠯᠡᠬᠦ ᠲᠠᠯᠠᠪᠠᠢ 3356 ᠮᠦ ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠶᠢ 50 ᠳ᠋ᠦᠩᠰᠢᠭᠤᠷ ᠲᠥᠭᠦᠷᠢᠭ ᠢᠶᠠᠷ ᠭᠤᠷᠪᠠᠨ ᠬᠤᠭᠤᠴᠠᠭ᠎ᠠ ᠬᠤᠪᠢᠶᠠᠨ ᠪᠦᠳᠦᠬᠡᠨ ᠪᠠᠶᠢᠭᠤᠯᠬᠤ ᠪᠠᠷ ᠲᠥᠯᠥᠪᠯᠡᠵᠦ ᠪᠤᠢ᠃ ᠲᠦᠷᠦᠯ ᠵᠦᠢᠯ ᠤᠨ ᠨᠢᠭᠡᠳᠦᠭᠡᠷ ᠬᠤᠭᠤᠴᠠᠭᠠᠨ ᠤ ᠲᠥᠯᠥᠪᠵᠢᠭᠦᠯᠭᠡ ᠶᠢᠨ ᠡᠵᠡᠯᠡᠬᠦ ᠲᠠᠯᠠᠪᠠᠶ ᠨᠢ 1256 ᠮᠥ ᠪᠠᠶᠢᠵᠤ᠂ 12 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 35 ᠲᠦᠮᠡᠨ ᠲᠡᠭᠰᠢ ᠳᠥᠷᠪᠡᠯᠵᠢᠨ ᠮᠧᠲᠷ ᠤᠨ ᠣᠶᠤᠨᠴᠢ ᠬᠤᠯᠪᠣᠭᠠᠯᠠᠨ ᠬᠥᠳᠡᠯᠦᠯᠴᠡᠬᠦ ᠬᠦᠯᠡᠮᠵᠢ ᠪᠠ 5 ᠲᠦᠮᠡᠨ ᠲᠡᠭᠰᠢ ᠳᠥᠷᠪᠡᠯᠵᠢᠨ ᠮᠧᠲᠷ ᠤᠨ ᠳᠠᠭᠠᠯᠲᠠ ᠪᠡᠯᠡᠳᠬᠡᠮᠵᠢ ᠶᠢ ᠪᠥᠲᠥᠭᠡᠨ ᠪᠠᠶᠢᠭᠤᠯᠵᠤ᠂ ᠭᠤᠤᠯ ᠡᠵᠡᠩᠨᠡᠯᠲᠡ ᠶᠢᠨ ᠬᠡᠯᠪᠡᠷᠢ ᠪᠠᠶᠢᠳᠠᠯ ᠨᠢ ᠦᠢᠯᠡᠳᠬᠦᠨ ᠦᠢᠯᠡᠳᠪᠦᠷᠢᠯᠡᠬᠦ ᠂ ᠢᠯᠭᠠᠬᠤ᠂ ᠳᠡᠯᠭᠡᠨ ᠦᠵᠡᠭᠦᠯᠬᠦ᠂ ᠠᠷᠠᠯᠵᠢᠶᠠᠯᠠᠬᠤ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠂ ᠲᠣᠮᠣ ᠳ᠋ᠠᠶᠢᠲ᠋ᠠ ᠶᠢᠨ ᠲᠥᠪ᠂ ᠲᠥᠪᠡᠳ ᠬᠠᠰᠢ ᠶᠢᠨ ᠮᠦᠽᠧᠶ ᠵᠡᠷᠭᠡ ᠴᠢᠳᠠᠮᠵᠢ ᠶᠢᠨ ᠬᠤᠪᠢᠶᠠᠷᠢ ᠲᠣᠭᠤᠷᠢᠭ ᠪᠣᠯᠤᠨ᠎ᠠ᠃ ᠲᠦᠷᠦᠯ ᠵᠦᠢᠯ ᠤᠨ ᠬᠤᠶᠠᠳᠤᠭᠠᠷ ᠬᠤᠭᠤᠴᠠᠭ᠎ᠠ᠂ ᠭᠤᠷᠪᠠᠳᠤᠭᠠᠷ ᠬᠤᠭᠤᠴᠠᠭ᠎ᠠ ᠳᠤ ᠬᠥᠳᠡᠭᠡ ᠠᠵᠤ ᠠᠬᠤᠢ ᠵᠤᠭᠠᠴᠠᠯ ᠢ ᠠᠭᠤᠰᠤᠯᠴᠠᠭᠤᠯᠤᠨ ᠡᠷᠡᠭᠦᠯ ᠢᠶᠠᠷ ᠠᠰᠠᠷᠠᠨ ᠲᠡᠵᠢᠭᠡᠬᠦ ᠪᠠᠷ ᠭᠤᠣᠯ ᠰᠡᠳᠦᠪ ᠪᠣᠯᠭᠠᠵᠤ᠂ ᠬᠥᠳᠡᠭᠡ ᠠᠵᠤ ᠠᠬᠤᠢ ᠰᠣᠶᠣᠯ ᠵᠤᠭᠠᠴᠠᠯ ᠤᠨ ᠨᠡᠶᠢᠲᠡ ᠶᠢᠨ ᠪᠠᠶᠢᠷᠢ᠂ ᠬᠠᠯᠠᠭᠤᠨ ᠷᠠᠰᠢᠶᠠᠨ ᠤ ᠵᠤᠭᠠᠴᠠᠯ᠂ ᠠᠮᠢ ᠠᠬᠤᠢ ᠶᠢᠨ ᠬᠤᠭᠤᠯᠠᠨ ᠭᠡᠷ ᠵᠡᠷᠭᠡ ᠵᠤᠭᠠᠴᠠᠯ ᠤᠨ ᠡᠷᠡᠭᠦᠯ ᠢᠶᠠᠷ ᠠᠰᠠᠷᠠᠨ ᠲᠡᠵᠢᠭᠡᠬᠦ ᠲᠦᠷᠦᠯ ᠵᠦᠢᠯ ᠢ ᠪᠠᠶᠢᠭᠤᠯᠵᠤ᠂ ᠥᠪᠡᠷᠮᠢᠴᠡ ᠣᠨᠴᠠᠯᠢᠭ ᠲᠠᠢ ᠬᠥᠳᠡᠭᠡ ᠠᠵᠤ ᠠᠬᠤᠢ ᠰᠣᠶᠣᠯ ᠵᠤᠭᠠᠴᠠᠯ ᠤᠨ ᠡᠷᠡᠭᠦᠯ ᠢᠶᠠᠷ ᠠᠰᠠᠷᠠᠨ ᠲᠡᠵᠢᠭᠡᠬᠦ ᠵᠢᠵᠢᠭ ᠪᠠᠯᠭᠠᠰᠤ ᠶᠢ ᠪᠠᠶᠢᠭᠤᠯᠵᠤ᠂ ᠬᠥᠳᠡᠭᠡ ᠠᠵᠤ ᠠᠬᠤᠢ ᠰᠣᠶᠣᠯ ᠵᠤᠭᠠᠴᠠᠯ ᠤᠨ ᠠᠭᠤᠰᠤᠯᠴᠠᠨ ᠬᠥᠭᠵᠢᠬᠦ ᠶᠢ ᠪᠡᠶᠡᠯᠡᠭᠦᠯᠦᠨ᠎ᠡ᠃    ︽ᠤᠯᠠᠭᠠᠨᠬᠠᠳᠠ ᠶᠢᠨ ᠬᠤᠩ ᠹᠦ᠋ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠳᠤ ᠨᠢᠭᠡᠨᠲᠡ ᠠᠵᠢᠯ ᠢᠶᠠᠨ ᠡᠬᠢᠯᠡᠭᠦᠯᠵᠦ ᠪᠤᠢ ᠂ ᠳᠠᠷᠠᠭᠠᠴᠢ ᠶᠢᠨ ᠠᠯᠬᠤᠮ ᠳᠤ᠂ ᠨᠢᠭᠡ ᠰᠠᠷ᠎ᠠ ᠶᠢᠨ ᠳᠣᠲᠣᠷ᠎ᠠ ᠪᠤᠯᠠᠭᠠᠷᠢ ᠶᠢᠨ ᠰᠠᠭᠤᠷᠢ ᠶᠢ ᠲᠠᠯᠪᠢᠵᠤ᠂ ᠢᠷᠡᠬᠦ ᠵᠢᠯ ᠳᠤ ᠨᠡᠩ ᠰᠠᠶᠢᠨ ᠨᠥᠬᠦᠴᠡᠯ ᠪᠦᠷᠢᠯᠳᠦᠭᠦᠯᠵᠦ ᠥᠭᠭᠦᠨ᠎ᠡ᠂ ᠪᠢᠳᠡ ᠢᠷᠡᠬᠦ ᠵᠢᠯ ᠤᠨ 11 ᠰᠠᠷ᠎ᠠ ᠳᠤ ᠪᠦᠳᠦᠭᠡᠨ ᠪᠠᠶᠢᠭᠤᠯᠵᠤ ᠳᠠᠭᠤᠰᠬᠠᠬᠤ ᠪᠠᠷ ᠲᠥᠯᠥᠪᠯᠡᠵᠦ ᠪᠤᠢ᠂ ᠭᠤᠣᠯᠳᠠᠭᠤ ᠴᠢᠨᠠᠷ ᠰᠠᠶᠢᠲᠠᠢ ᠲᠥᠪᠡᠳ ᠬᠠᠰᠢ ᠲᠠᠷᠢᠨ᠎ᠠ︾ ᠭᠡᠵᠦ ᠤᠯᠠᠭᠠᠨᠬᠠᠳᠠ ᠶᠢᠨ ᠬᠤᠩ ᠹᠦ᠋ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠯᠢ ᠳ᠋ᠧ ᠸᠧᠢ ᠰᠤᠷᠪᠤᠯᠵᠢᠯᠠᠭᠴᠢ ᠳᠤ ᠬᠡᠯᠡᠪᠡ᠃    ᠪᠡᠭᠡᠵᠢᠩ ᠤᠨ ᠬᠤᠩ ᠹᠦ᠋ ᠬᠤᠪᠢ ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠺᠣᠮᠫᠠᠨᠢ 1986 ᠣᠨ ᠳᠤ ᠪᠠᠶᠢᠭᠤᠯᠤᠭᠳᠠᠪᠠ᠃ ᠨᠢᠭᠡᠨ ᠣᠯᠠᠨ ᠡᠰᠢᠲᠦ ᠬᠤᠪᠢ ᠡᠵᠡᠮᠳᠡᠭᠰᠡᠨ ᠠᠵᠤ ᠠᠬᠤᠶᠢᠯᠠᠯ ᠤᠨ ᠪᠦᠯᠦᠭᠯᠡᠯ ᠪᠠᠶᠢᠵᠤ᠂ ᠡᠭᠦᠨ ᠳᠤ ᠭᠤᠣᠯᠳᠠᠭᠤ ᠾᠦᠩ ᠹᠦ᠋ ᠲᠠᠷᠢᠶᠠᠯᠠᠩ ᠤᠨ ᠪᠦᠯᠦᠭᠯᠡᠯ᠂ ᠾᠦᠩ ᠹᠦ᠋ ᠬᠥᠷᠥᠩᠭᠡ ᠶᠢᠨ ᠪᠦᠯᠦᠭᠯᠡᠯ᠂ ᠰᠤᠶᠤᠯ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ ᠪᠦᠯᠦᠭᠯᠡᠯ᠂ ᠾᠦᠩ ᠹᠦ᠋ ᠠᠳᠠᠯ ᠠᠬᠤᠶ ᠶᠢᠨ ᠪᠦᠯᠦᠭᠯᠡᠯ ᠵᠡᠷᠭᠡ ᠳᠥᠷᠪᠡᠨ ᠶᠡᠭᠡ ᠠᠵᠤ ᠦᠢᠯᠡᠰ ᠤᠨ ᠪᠦᠯᠦᠭᠯᠡᠯ ᠪᠠᠭᠲᠠᠨ᠎ᠠ᠃ ᠰᠣᠶᠣᠯ ᠵᠤᠭᠠᠴᠠᠯ᠂ ᠨᠠᠰᠤᠵᠢᠯ ᠤᠨ ᠠᠰᠠᠷᠠᠮᠵᠢ᠂ ᠮᠥᠩᠭᠦᠨ ᠭᠦᠢᠯᠭᠡᠭᠡᠨ ᠤ ᠪᠡᠯᠡ ᠣᠷᠣᠭᠤᠯᠤᠯᠲᠠ᠂ ᠤᠳᠤ ᠦᠶ᠎ᠡ ᠶᠢᠨ ᠲᠠᠷᠢᠶᠠᠯᠠᠩ᠂ ᠭᠠᠵᠠᠷ ᠰᠢᠷᠣᠢ ᠶᠢᠨ ᠬᠦᠷᠦᠩᠭᠡ ᠶᠢᠨ ᠠᠳᠠᠯ ᠠᠬᠤᠢ᠂ ᠮᠠᠲ᠋ᠧᠷᠢᠶᠠᠯ ᠬᠢᠮᠢ ᠶᠢᠨ ᠠᠵᠤ ᠦᠢᠯᠡᠳᠪᠦᠷᠢ ᠵᠡᠷᠭᠡ ᠤᠯᠠᠨ ᠡᠰᠢᠴᠢᠯᠡᠭᠰᠡᠨ ᠲᠤᠬᠠᠶᠢᠯᠠᠭᠰᠠᠨ ᠠᠵᠢᠯ ᠲᠠᠢ ᠪᠠᠶᠢᠵᠤ᠂ ᠤᠷᠢᠳ ᠬᠤᠵᠢᠳ ᠸᠧᠨ ᠳ᠋ᠦ᠋ ᠶᠢᠨ ᠤᠰᠤᠨ ᠬᠤᠳᠠ᠂ ᠰᠢ ᠵᠦᠴᠦᠭᠡ ᠶᠢᠨ ᠬᠤᠳᠠ᠂ ᠪᠡᠭᠡᠵᠢᠩ ᠤᠨ ᠵᠢᠨ ᠱᠤᠸᠤ ᠵᠠᠩ ᠡᠷᠡᠭᠦᠯᠵᠢᠯ ᠰᠤᠪᠢᠯᠠᠯᠲᠠ ᠂ ᠬᠤᠩ ᠹᠦ᠋ ᠲᠠᠷᠢᠶᠠᠯᠠᠩ ᠤᠨ ᠬᠤᠩ ᠹᠦ᠋ ᠱᠠᠪᠲᠠᠯ᠎ᠠ᠂ ᠬᠤᠩ ᠹᠦ᠋ ᠰᠢᠨ᠎ᠡ ᠮᠠᠲ᠋ᠧᠷᠢᠶᠠᠯ ᠵᠡᠷᠭᠡ ᠤᠯᠠᠨ ᠨᠡᠷᠡᠳᠦ ᠲᠦᠷᠦᠯ ᠲᠡᠮᠳᠡᠭ ᠢ ᠡᠭᠦᠳᠴᠦ᠂ ᠡᠳ᠋ ᠬᠦᠷᠦᠩᠭᠡ ᠶᠢᠨ ᠶᠡᠷᠦᠩᠬᠡᠢ ᠬᠡᠮᠵᠢᠶ᠎ᠡ 300 ᠳ᠋ᠦᠩᠰᠢᠭᠤᠷ ᠲᠥᠭᠦᠷᠢᠭ ᠢ ᠳᠠᠪᠠᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号