ᠬᠠᠷᠠᠴᠢᠨ ᠬᠤᠰᠢᠭᠤ ︽ᠪᠡᠭᠡᠵᠢᠩ ᠥᠪᠥᠷ ᠮᠣᠩᠭᠤᠯ ᠭᠠᠷ ᠬᠤᠯᠪᠤᠯᠴᠠᠨ᠂ ᠠᠵᠢᠯ ᠣᠯᠭᠤᠯᠲᠠ ᠶᠢ ᠠᠬᠢᠭᠤᠯᠬᠤ ︾ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ ᠲᠤᠬᠠᠶ ᠶᠢᠨ ᠲᠠᠯᠠᠪᠠᠶ ᠶᠢᠨ ᠠᠵᠢᠯᠲᠠᠨ ᠡᠯᠰᠡᠬᠦ ᠴᠤᠭᠯᠠᠭᠠᠨ ᠢ ᠠᠮᠵᠢᠯᠲᠠ ᠲᠠᠢ ᠡᠷᠭᠢᠯᠡᠪᠡ
ᠨᠡᠶᠢᠲᠡᠯᠡᠭᠰᠡᠨ ᠴᠠᠭ᠄
2022/12/11
ᠬᠠᠷᠠᠴᠢᠨ ᠬᠤᠰᠢᠭᠤ ︽ᠪᠡᠭᠡᠵᠢᠩ ᠥᠪᠥᠷ ᠮᠣᠩᠭᠤᠯ ᠭᠠᠷ ᠬᠤᠯᠪᠤᠯᠴᠠᠨ᠂ ᠠᠵᠢᠯ ᠣᠯᠭᠤᠯᠲᠠ ᠶᠢ ᠠᠬᠢᠭᠤᠯᠬᠤ ︾ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ ᠲᠤᠬᠠᠶ ᠶᠢᠨ ᠲᠠᠯᠠᠪᠠᠶ ᠶᠢᠨ ᠠᠵᠢᠯᠲᠠᠨ ᠡᠯᠰᠡᠬᠦ ᠴᠤᠭᠯᠠᠭᠠᠨ ᠢ ᠠᠮᠵᠢᠯᠲᠠ ᠲᠠᠢ ᠡᠷᠭᠢᠯᠡᠪᠡ    ᠨᠠᠮ ᠤᠨ ᠲᠥᠪ ᠬᠤᠷᠢᠶᠠᠨ ᠤ ᠠᠵᠤ ᠠᠬᠤᠶ ᠶᠢᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠨ ᠬᠡᠷᠡᠭᠵᠢᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠥᠷᠭᠡᠨ ᠣᠯᠠᠨ ᠬᠤᠲᠠ ᠬᠥᠳᠡᠭᠡ ᠶᠢᠨ ᠬᠥᠳᠡᠯᠮᠦᠷᠢᠴᠢᠳ ᠤᠨ ᠠᠵᠢᠯ ᠡᠷᠢᠬᠦ ᠳᠤ ᠳᠥᠭᠦᠮ ᠲᠦᠳᠡ ᠶᠢᠨ ᠲᠦᠯᠦᠭᠡ ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠬᠤ ᠶᠢ ᠤᠯᠠᠮ ᠨᠢᠭᠡ ᠠᠯᠬᠤᠮ ᠠᠬᠢᠭᠤᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠤᠨ᠂ ᠥᠷᠭᠡᠨ ᠣᠯᠠᠨ ᠠᠵᠢᠯ ᠡᠷᠢᠭᠰᠡᠳ ᠤᠨ ᠠᠵᠢᠯ ᠤᠯᠬᠤ ᠬᠡᠷᠡᠭᠴᠡᠭᠡ ᠪᠠ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠶᠢ ᠨᠠᠩ ᠰᠠᠶᠢᠲᠤᠷ ᠬᠠᠩᠭᠠᠵᠤ᠂ 12 ᠰᠠᠷ᠎ᠠ ᠶᠢᠨ 10 ᠤ ᠡᠳᠦᠷ᠂ ᠬᠠᠷᠠᠴᠢᠨ ᠬᠤᠰᠢᠭᠤᠨ ᠤ ᠤᠯᠠᠭᠠᠨᠬᠠᠳᠠ ᠶᠢᠨ ᠪᠠᠷᠢᠯᠭ᠎ᠠ ᠶᠢᠨ ᠢᠨᠵᠧᠨᠧᠷᠢᠩ ᠤᠨ ᠰᠤᠷᠭᠠᠭᠤᠯᠢ ᠳᠤ ︽ ᠪᠡᠭᠡᠵᠢᠩ ᠥᠪᠥᠷ ᠮᠣᠩᠭᠤᠯ ᠭᠠᠷ ᠬᠤᠯᠪᠤᠯᠴᠠᠨ᠂ ᠠᠵᠢᠯ ᠣᠯᠭᠤᠯᠲᠠ ᠶᠢ ᠠᠬᠢᠭᠤᠯᠬᠤ ︾ ᠪᠠᠷ ᠭᠤᠤᠯ ᠰᠡᠳᠦᠪ ᠪᠣᠯᠭᠠᠭᠰᠠᠨ 2022 ᠣᠨ ᠤ ︽ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ︾ ᠶᠢᠨ ᠡᠪᠦᠯ ᠤᠨ ᠤᠯᠠᠷᠢᠯ ᠤᠨ ᠲᠤᠬᠠᠶ ᠶᠢᠨ ᠲᠠᠯᠠᠪᠤᠷ ᠤᠨ ᠠᠵᠢᠯᠲᠠᠨ ᠡᠯᠰᠡᠬᠦ ᠴᠤᠭᠯᠠᠭᠠᠨ ᠢ ᠠᠮᠵᠢᠯᠲᠠ ᠲᠠᠢ ᠡᠷᠭᠢᠯᠡᠪᠡ᠃    ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠂ ᠣᠶᠢᠷ᠎ᠠ ᠶᠢᠨ ᠵᠢᠯ ᠤᠳ ᠲᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠬᠠᠮᠤᠭ ᠴᠢᠬᠤᠯᠠ ᠪᠠᠲᠤᠯᠠᠭ᠎ᠠ ᠮᠥᠨ ᠭᠡᠬᠦ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠠᠵᠢᠯ ᠣᠯᠭᠤᠯᠲᠠ ᠶᠢ ᠥᠷᠭᠡᠳᠬᠡᠬᠦ ᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠠᠵᠢᠯ ᠣᠯᠭᠤᠯᠲᠠ ᠶᠢᠨ ᠢᠳᠡᠪᠬᠢᠲᠡᠶ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯ ᠤᠯᠬᠤ ᠳᠤ ᠬᠦᠴᠢᠷᠲᠡᠶ ᠬᠠᠮᠲᠤᠯᠢᠭ ᠤᠨ ᠠᠵᠢᠯ ᠣᠯᠭᠤᠯᠲᠠ ᠶᠢ ᠲᠤᠰᠠᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠡᠩ ᠤᠯᠠᠨ ᠨᠡᠶᠢᠭᠡᠮ ᠤᠨ ᠪᠦᠷᠢᠯᠳᠦᠬᠦᠨ ᠤ ᠠᠵᠢᠯ ᠣᠯᠭᠤᠯᠲᠠ ᠶᠢ ᠪᠡᠶᠡᠯᠡᠭᠦᠯᠬᠦ ᠳᠤᠨᠢ ᠬᠠᠪᠰᠤᠷᠴᠤ᠂ ᠬᠤᠳᠠ ᠬᠥᠳᠡᠭᠡ ᠶᠢᠨ ᠬᠥᠳᠡᠯᠮᠦᠷᠢᠴᠢᠳ ᠤᠨ ᠠᠵᠢᠯ ᠣᠯᠭᠤᠯᠲᠠ ᠪᠠ ᠠᠳᠠᠯ ᠦᠢᠯᠡᠰ ᠴᠣᠭᠴᠠᠯᠠᠯᠲᠠ ᠶᠢ ᠠᠬᠢᠭᠤᠯᠬᠤ ᠠᠯᠢ ᠤᠯᠠᠨ ᠠᠷᠭ᠎ᠠ ᠬᠡᠮᠵᠢᠶ᠎ᠡ ᠶᠢ ᠬᠡᠷᠡᠭᠵᠢᠭᠦᠯᠪᠡ᠃ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠨᠢ ᠥᠷᠭᠡᠨ ᠣᠯᠠᠨ ᠬᠥᠳᠡᠯᠮᠦᠷᠢᠴᠢᠨ᠂ ᠢᠯᠠᠩᠭᠤᠶ᠎ᠠ ᠳᠡᠭᠡᠳᠦ ᠰᠤᠷᠭᠠᠭᠤᠯᠢ ᠲᠡᠭᠦᠰᠦᠭᠰᠡᠳ ᠪᠠ ᠠᠵᠢᠯ ᠤᠯᠬᠤ ᠳᠤ ᠬᠦᠴᠢᠷᠲᠡᠶ ᠬᠥᠮᠦᠰ ᠲᠤ ᠬᠥᠳᠡᠯᠮᠦᠷᠢ ᠦᠢᠯᠡᠴᠢᠯᠡᠭᠡᠨ ᠤ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠠᠪᠴᠠᠩ ᠢ ᠲᠥᠪᠯᠡᠷᠡᠭᠦᠯᠦᠨ ᠪᠠᠶᠢᠭᠤᠯᠵᠤ᠂ ᠠᠵᠢᠯᠴᠢᠨ ᠬᠡᠷᠡᠭᠯᠡᠬᠦ ᠨᠢᠭᠡᠴᠡ ᠪᠠ ᠠᠵᠢᠯ ᠡᠷᠢᠭᠰᠡᠳ ᠲᠠᠢ ᠨᠢᠭᠤᠷᠲᠠᠨ ᠬᠠᠷᠢᠯᠴᠠᠬᠤ ᠪᠠ ᠬᠠᠷᠢᠯᠴᠠᠨ ᠵᠣᠯᠭᠠᠭᠤᠯᠬᠤ ᠶᠢ ᠪᠡᠶᠡᠯᠡᠭᠦᠯᠵᠦ᠂ ᠮᠠᠨ ᠤ ᠬᠤᠰᠢᠭᠤᠨ ᠤ ᠬᠥᠳᠡᠯᠮᠦᠷᠢ ᠬᠦᠴᠦᠨ ᠤ ᠰᠢᠯᠵᠢᠵᠦ ᠠᠵᠢᠯ ᠤᠯᠬᠤ ᠶᠢ ᠤᠯᠠᠮ ᠨᠢᠭᠡ ᠠᠯᠬᠤᠮ ᠠᠬᠢᠭᠤᠯᠬᠤ ᠪᠣᠯᠤᠨ᠎ᠠ᠃    ᠠᠵᠢᠯᠲᠠᠨ ᠡᠯᠰᠡᠬᠦ ᠴᠤᠭᠯᠠᠭᠠᠨ ᠳᠤ ᠣᠷᠣᠯᠴᠠᠭᠰᠠᠨ ᠠᠵᠤ ᠠᠬᠤᠶᠢᠯᠠᠯ ᠨᠡᠶᠢᠲᠡ 48 ︵ᠪᠡᠭᠡᠵᠢᠩ ᠬᠤᠲᠠ ᠶᠢᠨ ᠰᠢᠴᠸᠩ ᠲᠣᠭᠤᠷᠢᠭ ᠲᠤ 18 ᠡᠷᠦᠬᠡ 54 ᠠᠵᠢᠯ ᠲᠥᠷᠥᠯ︶ ᠪᠠᠶᠢᠵᠤ᠂ ᠨᠡᠶᠢᠲᠡ 1100 ᠭᠠᠷᠤᠶ ᠠᠵᠢᠯ ᠤᠨ ᠪᠠᠶᠢᠷᠢ ︵ᠪᠡᠭᠡᠵᠢᠩ ᠤᠨ ᠰᠢᠴᠸᠩ ᠲᠣᠭᠤᠷᠢᠭ ᠲᠤ 337 ᠠᠵᠢᠯ ᠤᠨ ᠪᠠᠶᠢᠷᠢ ᠬᠠᠩᠭᠠᠪᠠ︶ ᠬᠠᠩᠭᠠᠵᠤ᠂ ᠠᠵᠢᠯᠲᠠᠨ ᠡᠯᠰᠡᠬᠦ ᠳᠤ ᠣᠷᠣᠯᠴᠠᠭᠰᠠᠨ ᠬᠤᠲᠠ ᠬᠥᠳᠡᠭᠡ ᠶᠢᠨ ᠬᠥᠳᠡᠯᠮᠦᠷᠢ ᠬᠦᠴᠦᠨ᠂ ᠳᠡᠭᠡᠳᠦ ᠰᠤᠷᠭᠠᠭᠤᠯᠢ ᠲᠡᠭᠦᠰᠦᠭᠰᠡᠨ ᠰᠣᠷᠣᠭᠴᠢ ᠵᠡᠷᠭᠡ ᠬᠤᠲᠠ ᠬᠥᠳᠡᠭᠡ ᠶᠢᠨ ᠡᠯ᠎ᠡ ᠲᠥᠷᠥᠯ ᠤᠨ ᠠᠵᠢᠯ ᠡᠷᠢᠭᠰᠡᠳ 780 ᠭᠠᠷᠤᠶ ᠬᠥᠮᠦᠨ ᠤᠳᠠᠭ᠎ᠠ ᠬᠦᠷᠴᠡᠶ᠃ ᠲᠤᠬᠠᠶ ᠶᠢᠨ ᠲᠠᠯᠠᠪᠤᠷ ᠲᠤ ᠠᠵᠤ ᠠᠬᠤᠶᠢᠯᠠᠯ ᠲᠠᠢ ᠠᠩᠬ᠎ᠠ ᠠᠯᠬᠤᠮ ᠠᠵᠢᠯ ᠤᠯᠬᠤ ᠰᠠᠨᠠᠭ᠎ᠠ ᠲᠠᠢ ᠪᠣᠯᠤᠭᠰᠠᠨ ᠨᠢ 42 ᠬᠥᠮᠦᠨ ᠪᠠᠶᠢᠵᠤ᠂ ᠤᠬᠠᠭᠤᠯᠭ᠎ᠠ ᠶᠢᠨ ᠬᠠᠭᠤᠳᠠᠰᠤ ᠶᠢ 10000 ᠭᠠᠷᠤᠶ ᠬᠤᠪᠢ ᠲᠠᠷᠬᠠᠭᠠᠵᠠᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号