ᠬᠤᠰᠢᠭᠤᠨ ᠳᠠᠷᠤᠭ᠎ᠠ ᠵᠣᠣ ᠶᠠᠨ ᠬᠤᠩ 2023 ᠣᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/16
ᠬᠤᠰᠢᠭᠤᠨ ᠳᠠᠷᠤᠭ᠎ᠠ ᠵᠣᠣ ᠶᠠᠨ ᠬᠤᠩ 2023 ᠣᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ    12 ᠰᠠᠷ᠎ᠠ ᠶᠢᠨ 12 ᠤᠨ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ 2023 ᠣᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠯᠢ ᠬᠦᠶ ᠹᠠᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠠ ᠶᠦᠩ ᠭᠠᠩ᠂ ᠳᠡᠳ᠋ ᠬᠤᠰᠢᠭᠤᠨ ᠳᠠᠷᠤᠭ᠎ᠠ ᠪᠢᠴᠢᠭᠲᠦ᠂ ᠸᠠᠩ ᠯᠢ ᠭᠦᠸᠧ᠂ ᠢ ᠰᠢᠤ ᠴᠢᠤᠸᠠᠨ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃    ᠬᠤᠷᠠᠯ ᠠᠴᠠ ᠲᠣᠰ ᠲᠣᠰ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ 2023 ᠣᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ᠂ ᠪᠥᠲᠥᠭᠡᠨ ᠪᠠᠶᠢᠭᠤᠯᠤᠯᠲᠠ ᠶᠢᠨ ᠠᠬᠢᠴᠠ ᠵᠡᠷᠭᠡ ᠪᠠᠶᠢᠳᠠᠯ ᠢ ᠨᠢᠭᠡᠳ ᠨᠢᠭᠡ ᠪᠠᠷ ᠡᠮᠬᠢᠯᠡᠨ ᠳᠢᠭᠯᠡᠵᠦ᠂ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠳᠤ ᠪᠤᠳᠠᠲᠠᠢ ᠰᠢᠢᠳᠪᠦᠷᠢᠯᠡᠬᠦ ᠠᠷᠭ᠎ᠠ ᠬᠡᠮᠵᠢᠶ᠎ᠡ ᠳᠤᠷᠠᠳᠤᠨ᠂ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃    ᠵᠣᠣ ᠶᠠᠨ ᠬᠤᠩ ᠵᠢᠭᠠᠵᠤ ᠭᠠᠷᠭᠠᠭᠰᠠᠨ ᠨᠢ᠂ ᠭᠤᠤᠯᠳᠠᠯᠭ᠎ᠠ ᠲᠠᠢ ᠲᠥᠷᠥᠯ ᠵᠦᠢᠯ ᠪᠣᠯ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠴᠢᠬᠤᠯᠠ ᠠᠴᠢᠶᠠᠯᠠᠪᠤᠷᠢ ᠪᠠ ᠬᠦᠴᠦᠲᠡᠶ ᠲᠤᠯᠭᠠᠭᠤᠷᠢᠯᠠᠯ ᠮᠥᠨ᠃ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ︽ᠲᠥᠷᠥᠯ ᠵᠦᠢᠯ ᠢᠶᠠᠷ ᠭᠤᠤᠯ ᠪᠣᠯᠭᠠᠬᠤ︾ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠦᠵᠡᠯ ᠰᠠᠨᠠᠭ᠎ᠠ ᠪᠠᠨ ᠨᠢᠭᠡᠳᠬᠡᠨ᠂ ᠠᠵᠠ ᠲᠣᠬᠢᠶᠠᠯ ᠢ ᠠᠮᠵᠢᠵᠤ᠂ 2023 ᠣᠨ ᠤ ᠭᠤᠤᠯᠳᠠᠯᠭ᠎ᠠ ᠲᠠᠢ ᠲᠥᠷᠥᠯ ᠵᠦᠢᠯ ᠢ ᠳᠥᠯᠭᠢᠨ ᠠᠬᠢᠭᠤᠯᠬᠤ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠤᠨᠤᠪᠴᠢᠲᠠᠢ ᠪᠠᠷ ᠰᠠᠶᠢᠲᠤᠷ ᠬᠢᠵᠦ᠂ ᠨᠢᠭᠡ ᠪᠦᠯᠦᠭ ᠠᠯᠤᠰ ᠬᠡᠲᠦ ᠳᠤ ᠠᠰᠢᠭᠲᠠᠶ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠨᠥᠭᠡᠴᠡ ᠬᠦᠴᠦᠨ ᠢ ᠨᠡᠮᠡᠭᠳᠡᠭᠦᠯᠬᠦ ᠭᠤᠤᠯᠳᠠᠯᠭ᠎ᠠ ᠲᠠᠢ ᠲᠥᠷᠥᠯ ᠵᠦᠢᠯ ᠢ ᠨᠢᠭᠡᠳᠦᠯᠲᠡᠶ ᠲᠥᠯᠥᠪᠵᠢᠭᠦᠯᠦᠨ ᠪᠥᠲᠥᠭᠡᠨ ᠪᠠᠶᠢᠭᠤᠯᠵᠤ᠂ ᠢᠷᠡᠬᠦ ᠵᠢᠯ ᠤᠨ ᠠᠵᠤ ᠠᠬᠤᠶ ᠶᠢᠨ ᠬᠥᠭᠵᠢᠯᠲᠡ ᠳᠤ ᠦᠨᠡᠨ ᠬᠦ ᠪᠠᠲᠤ ᠰᠠᠭᠤᠷᠢ ᠶᠢ ᠲᠠᠯᠪᠢᠬᠤ ᠬᠡᠷᠡᠭᠲᠡᠶ᠃ᠵᠣᠣ ᠶᠠᠨ ᠬᠤᠩ ᠱᠠᠭᠠᠷᠳᠠᠭᠰᠠᠨ ᠨᠢ᠂ ᠡᠨᠡ ᠡᠪᠦᠯ ᠢᠷᠡᠬᠦ ᠬᠠᠪᠤᠷ ᠤᠨ ᠲᠥᠷᠥᠯ ᠵᠦᠢᠯ ᠦᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ ︽ᠰᠢᠵᠢᠷ ᠠᠯᠲᠠᠨ ᠬᠤᠭᠤᠴᠠᠭ᠎ᠠ︾ ᠶᠢ ᠠᠮᠵᠢᠨ ᠠᠳᠬᠤᠵᠤ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠤᠷᠢᠳᠴᠢᠯᠠᠨ ᠦᠢᠯᠡᠴᠢᠯᠡᠨ ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ ᠶᠢ ᠲᠦᠷᠭᠡᠳᠬᠡᠨ ᠠᠬᠢᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤᠮᠳᠠᠬᠢ ᠪᠡᠯᠡ ᠮᠥᠩᠭᠦ᠂ ᠭᠠᠵᠠᠷ ᠰᠢᠷᠣᠢ᠂ ᠣᠷᠴᠢᠨ ᠲᠣᠭᠤᠷᠢᠨ ᠤ ᠬᠠᠮᠠᠭᠠᠯᠠᠯᠲᠠ᠂ ᠡᠨᠧᠷᠭᠢ ᠶᠢᠨ ᠬᠤᠷᠣᠭᠳᠠᠯ ᠵᠡᠷᠭᠡ ᠴᠢᠬᠤᠯᠠ ᠡᠯᠧᠮᠧᠨ᠋ᠲ ᠤᠨ ᠬᠢᠵᠠᠭᠠᠷᠯᠠᠯ ᠤᠨ ᠬᠦᠴᠢᠷ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠲᠦᠷᠦᠯ ᠵᠦᠢᠯ ᠢ ᠡᠷᠲᠡᠬᠡᠨ ᠪᠠᠶᠢᠭᠤᠯᠵᠤ ᠦᠷ᠎ᠡ ᠠᠰᠢᠭ ᠢ ᠨᠢ ᠪᠠᠳᠠᠷᠠᠭᠤᠯᠬᠤ ᠶᠢ ᠬᠦᠴᠦᠯᠡᠨ ᠠᠬᠢᠭᠤᠯᠬᠤ ᠬᠡᠷᠡᠭᠲᠡᠢ᠃ ᠲᠦᠷᠦᠯ ᠵᠦᠢᠯ ᠢ ᠲᠥᠯᠥᠪᠵᠢᠭᠦᠯᠬᠦ ᠪᠠ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠲᠦᠷᠦᠯ ᠵᠦᠢᠯ ᠤᠨ ᠨᠥᠭᠡᠴᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠥᠭᠡᠴᠡᠯᠡᠬᠦ ᠲᠦᠷᠦᠯ ᠵᠦᠢᠯ ᠢ ᠲᠦᠷᠭᠡᠨ ᠪᠣᠯᠪᠠᠰᠤᠷᠠᠩᠭᠤᠢ ᠪᠠᠷ ᠨᠠᠶᠢᠳᠠᠪᠤᠷᠢᠵᠢᠭᠤᠯᠬᠤ ᠶᠢ ᠲᠦᠷᠭᠡᠨ ᠠᠬᠢᠭᠤᠯᠵᠤ᠂ ᠲᠦᠷᠦᠯ ᠵᠦᠢᠯ ᠢ ᠬᠥᠳᠡᠯᠦᠩᠭᠦᠢ ᠪᠠᠷ ᠰᠢᠨᠡᠳᠬᠡᠵᠦ᠂ ᠡᠷᠭᠢᠯᠳᠦᠭᠦᠯᠦᠨ ᠬᠡᠷᠡᠭᠵᠢᠭᠦᠯᠬᠦ ᠶᠢ ᠪᠡᠶᠡᠯᠡᠭᠦᠯᠬᠦ ᠬᠡᠷᠡᠭᠲᠡᠢ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号