ᠬᠠᠷᠠᠴᠢᠨ ᠬᠤᠰᠢᠭᠤ᠄ 29 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠤᠯᠤᠰ ᠤᠨ ᠲᠠᠰ ᠤᠨ ︽ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ︾ ᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2022/12/16
ᠬᠠᠷᠠᠴᠢᠨ ᠬᠤᠰᠢᠭᠤ᠄ 29 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠤᠯᠤᠰ ᠤᠨ ᠲᠠᠰ ᠤᠨ ︽ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ︾ ᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠪᠡ    ᠬᠠᠷᠠᠴᠢᠨ ᠬᠤᠰᠢᠭᠤ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ︽ᠤᠯᠤᠰ ᠤᠨ ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠬᠤᠰᠢᠭᠤ︾ ᠶᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠰᠣᠶᠣᠯ ᠤᠨ ᠵᠢᠭᠤᠯᠴᠢᠯᠠᠯ᠂ ᠲᠠᠷᠢᠶᠠᠯᠠᠩ ᠤᠨ ᠵᠢᠭᠤᠯᠴᠢᠯᠠᠯ᠂ ᠪᠡᠶ᠎ᠡ ᠶᠢᠨ ᠲᠠᠮᠢᠷ ᠤᠨ ᠵᠢᠭᠤᠯᠴᠢᠯᠠᠯ᠂ ᠰᠤᠷᠭᠠᠨ ᠬᠥᠮᠦᠵᠢᠯ ᠤᠨ ᠵᠢᠭᠤᠯᠴᠢᠯᠠᠯ᠂ ᠡᠷᠡᠭᠦᠯ ᠡᠩᠬᠡ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠨ᠂ ᠪᠥᠬᠦ ᠴᠠᠷᠠᠭᠠᠨ ᠤ ᠪᠥᠬᠦ ᠤᠯᠠᠷᠢᠯ ᠤᠨ ᠪᠥᠬᠦ ᠴᠠᠭ ᠤᠨ ᠵᠢᠭᠤᠯᠴᠢᠯᠠᠯ ᠤᠨ ᠪᠠᠶᠢᠷᠢᠰᠢᠯ ᠢ ᠪᠠᠶᠢᠭᠤᠯᠵᠤ᠂ ᠪᠥᠬᠦ ᠬᠤᠰᠢᠭᠤᠨ ᠤ ᠰᠣᠶᠣᠯ ᠤᠨ ᠵᠢᠭᠤᠯᠴᠢᠯᠠᠯ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠲᠦᠢᠮᠣ ᠲᠥᠰᠦᠪ ᠤᠨ ᠪᠠᠯᠠ ᠣᠷᠣᠭᠤᠯᠤᠯᠲᠠ 29 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠥᠷᠪᠡ᠃    ᠡᠪᠦᠯ ᠤᠨ ᠡᠬᠢᠨ ᠳᠤ᠂ ᠬᠦᠢᠲᠡᠨ ᠰᠠᠯᠬᠢ ᠰᠠᠯᠬᠢᠯᠠᠵᠤ᠂ ᠮᠠ ᠠᠨ ᠱᠠᠨ ᠤ ᠰᠣᠶᠣᠯ ᠵᠤᠭᠠᠴᠠᠯ ᠤᠨ ᠰᠤᠷᠭᠠᠨ ᠬᠥᠮᠦᠵᠢᠯ ᠤᠨ ᠰᠤᠳᠤᠯᠭᠠᠨ ᠤ ᠰᠠᠭᠤᠷᠢᠨ ᠭᠠᠵᠠᠷ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠬᠦᠷᠬᠦ ᠳᠤ᠂ ᠮᠠᠲ᠋ᠧᠷᠢᠶᠠᠯ ᠵᠥᠭᠡᠭᠡᠪᠦᠷᠢᠯᠡᠬᠦ ᠮᠠᠰᠢᠨ ᠲᠡᠷᠭᠡ ᠨᠦᠭᠦᠳ ᠨᠠᠰᠢ ᠴᠠᠰᠢ ᠰᠦᠯᠵᠢᠯᠳᠦᠵᠦ᠂ ᠪᠠᠷᠢᠯᠭ᠎ᠠ ᠶᠢᠨ ᠲᠤᠬᠠᠢ ᠶᠢᠨ ᠲᠠᠯᠠᠪᠠᠢ ᠪᠠᠴᠢᠮ ᠶᠠᠭᠠᠷᠠᠯᠲᠠᠢ ᠲᠠᠢ ᠪᠠᠶᠢᠯ᠎ᠠ᠃ ᠮᠠ ᠠᠨ ᠱᠠᠨ ᠤ ᠰᠣᠶᠣᠯ ᠵᠢᠭᠤᠯᠴᠢᠯᠠᠯ ᠤᠨ ᠰᠤᠷᠭᠠᠨ ᠬᠥᠮᠦᠵᠢᠯ ᠤᠨ ᠰᠤᠳᠤᠯᠭᠠᠨ ᠤ ᠰᠠᠭᠤᠷᠢᠨ ᠭᠠᠵᠠᠷ ᠤᠨ ᠬᠢᠨ 10 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ︽ᠪᠥᠸᠧ ᠸᠧᠨ ︾ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠂ ︽ ᠶᠧᠦ ᠱᠢᠤᠸ᠋︾ ᠶᠢᠨ ᠰᠤᠷᠭᠠᠨ ᠬᠥᠮᠦᠵᠢᠯ ᠤᠨ ᠰᠤᠳᠤᠯᠭᠠᠨ ᠤ ᠰᠤᠷᠭᠠᠭᠤᠯᠢ᠂ ︽ ᠯᠧ ᠰᠢᠶᠠᠩ ︾ ᠰᠣᠶᠣᠯ ᠤᠨ ᠰᠡᠯᠡᠭᠦᠴᠡᠯ ᠵᠡᠷᠭᠡ ᠭᠤᠷᠪᠠᠨ ᠲᠥᠷᠥᠯ ᠵᠦᠢᠯ ᠢ ᠲᠥᠯᠥᠪᠵᠢᠭᠦᠯᠦᠨ ᠵᠢᠷᠤᠵᠤ ᠲᠥᠯᠥᠪᠯᠡᠵᠡᠶ᠃    ᠬᠠᠷᠠᠴᠢᠨ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ ᠰᠠᠭᠤᠭ᠎ᠠ ᠲᠥᠯᠥᠭᠡᠯᠡᠭᠴᠢ ᠦ᠋ ᠴᠠᠩ ᠴᠢᠩ᠄ ᠲᠣᠰ ᠲᠥᠷᠥᠯ ᠵᠦᠢᠯ ᠳᠤ ᠨᠢᠭᠡᠨᠲᠡ 5000 ᠭᠠᠷᠤᠶ ᠲᠦᠮᠡᠨ ᠲᠥᠭᠦᠷᠢᠭ ᠣᠷᠣᠭᠤᠯᠵᠤ᠂ ᠨᠡᠶᠢᠲᠡ 29 ᠲᠠᠯᠠᠪᠤᠷ ᠣᠷᠳᠣᠨ ᠪᠠᠶᠢᠭᠤᠯᠪᠠ᠃ ᠣᠳᠣᠬᠠᠨ ᠳᠤ᠂ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ 4 ᠲᠠᠯᠠᠪᠤᠷ ᠣᠷᠳᠣᠨ ᠤ ᠭᠤᠤᠯ ᠴᠣᠭᠴᠠ ᠶᠢᠨ ᠳᠡᠭᠡᠳᠦ ᠬᠢᠵᠠᠭᠠᠷ ᠢ ᠪᠡᠶᠡᠯᠡᠭᠦᠯᠵᠦ᠂ ᠬᠤᠶᠠᠳᠤᠭᠠᠷ ᠬᠤᠭᠤᠴᠠᠭᠠᠨ ᠤ 3 ᠲᠠᠯᠠᠪᠤᠷ ᠣᠷᠳᠣᠨ ᠤ ᠳᠡᠭᠡᠳᠦ ᠬᠢᠵᠠᠭᠠᠷ ᠢ ᠪᠡᠶᠡᠯᠡᠭᠦᠯᠵᠦ᠂ 5 ᠲᠠᠯᠠᠪᠤᠷ ᠣᠷᠳᠣᠨ ᠤ ᠨᠢᠭᠡᠳᠦᠭᠡᠷ ᠳᠠᠪᠬᠤᠷᠭ᠎ᠠ ᠶᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠪᠤᠰᠤᠳ 17 ᠲᠠᠯᠠᠪᠤᠷ ᠣᠷᠳᠣᠨ ᠤ ᠰᠠᠭᠤᠷᠢ ᠪᠥᠲᠥᠭᠡᠨ ᠪᠠᠶᠢᠭᠤᠯᠤᠯᠲᠠ ᠶᠢ ᠬᠢᠵᠦ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠵᠢᠱᠢᠭᠰᠡᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠤᠯᠪᠠ᠃ᠬᠠᠷᠠᠴᠢᠨ ᠬᠤᠰᠢᠭᠤ ᠪᠠᠰᠠ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠦᠷᠭᠦᠯᠵᠢᠯᠡᠨ ᠪᠦᠷᠢᠨᠰᠢᠬᠦᠯᠵᠦ᠂ ᠭᠤᠤᠯᠳᠠᠯᠭ᠎ᠠ ᠲᠠᠢ ᠦᠵᠡᠮᠵᠢ ᠶᠢᠨ ᠣᠷᠣᠨ ᠤ ᠵᠢᠭᠤᠯᠴᠢᠯᠠᠯ ᠤᠨ ᠵᠠᠮ ᠱᠤᠭᠤᠮ᠂ ᠵᠤᠭᠠᠴᠠᠭᠰᠠᠳ ᠤᠨ ᠲᠥᠪᠯᠡᠷᠡᠭᠦᠯᠦᠨ ᠲᠠᠷᠬᠠᠭᠠᠬᠤ ᠲᠥᠪ᠂ ᠵᠢᠭᠤᠯᠴᠢᠯᠠᠯ ᠤᠨ ᠵᠣᠷᠯᠣᠩ᠂ ᠵᠢᠭᠤᠯᠴᠢᠯᠠᠯ ᠤᠨ ᠲᠡᠮᠳᠡᠭ ᠵᠡᠷᠭᠡ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠦᠴᠦᠯᠡᠨ ᠰᠠᠶᠢᠵᠢᠷᠠᠭᠤᠯᠵᠤ᠂ ᠬᠠᠷᠠᠴᠢᠨ ᠢ ᠤᠯᠠᠭᠠᠨᠬᠠᠳᠠ ᠳᠤ ᠰᠠᠭᠤᠷᠢᠯᠠᠭᠰᠠᠨ᠂ ᠪᠡᠭᠡᠵᠢᠩ ᠲᠢᠶᠠᠨᠵᠢᠨ ᠾᠧᠪᠧᠢ ᠳᠦ ᠨᠡᠷ᠎ᠡ ᠠᠯᠳᠠᠷᠰᠢᠭᠰᠠᠨ ᠵᠢᠭᠤᠯᠴᠢᠯᠠᠯ ᠤᠨ ᠬᠡᠷᠡᠭᠯᠡᠭᠡᠨ ᠤ ᠵᠣᠷᠢᠭᠰᠠᠨ ᠭᠠᠵᠠᠷ ᠪᠣᠯᠭᠠᠨ ᠪᠥᠲᠥᠭᠡᠨ ᠪᠠᠶᠢᠭᠤᠯᠤᠨ᠎ᠠ᠃ ᠢᠦᠢ ᠯᠦᠩ ᠴᠤᠸᠠᠨ ᠤ ᠲᠠᠷᠢᠶᠠᠨ ᠭᠠᠵᠠᠷ ᠤᠨ ᠶᠡᠷᠦᠩᠬᠡᠢ ᠴᠣᠭᠴᠠ ᠶᠢᠨ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠴᠢᠳ ᠶᠠᠭ ᠪᠠᠷᠢᠯᠭ᠎ᠠ ᠶᠢᠨ ᠬᠤᠭᠤᠴᠠᠭ᠎ᠠ ᠶᠢ ᠠᠮᠵᠢᠵᠤ᠂ ᠬᠦᠯᠢᠶᠡᠨ ᠠᠪᠬᠤ ᠲᠥᠪ᠂ ᠲᠠᠷᠢᠶᠠᠯᠠᠩ ᠤᠨ ᠮᠦᠽᠧᠢ ᠂ ᠵᠠᠯᠠᠭᠤᠴᠤᠳ ᠤᠨ ᠵᠤᠭᠠᠴᠠᠯ ᠤᠨ ᠬᠤᠷᠢᠶ᠎ᠡ᠂ ᠺᠤᠹᠤ ᠶᠢᠨ ᠮᠤᠬᠤᠯᠠᠭ᠂ ᠲᠡᠷᠭᠡᠨ ᠵᠣᠭᠰᠣᠭᠠᠯ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠠᠴᠢᠮ ᠶᠠᠭᠠᠷᠠᠯᠲᠠᠢ ᠬᠢᠵᠦ ᠪᠠᠶᠢᠯ᠎ᠠ᠃    ᠡᠯᠪᠡᠭ ᠪᠠᠶᠠᠯᠢᠭ ᠰᠣᠶᠣᠯ ᠤᠨ ᠬᠤᠷᠠᠮᠳᠤᠯ᠂ ᠭᠤᠶᠣ ᠰᠠᠶᠢᠬᠠᠨ ᠪᠠᠶᠢᠭᠠᠯᠢ ᠶᠢᠨ ᠦᠵᠡᠮᠵᠢ᠂ ᠰᠠᠶᠢᠨ ᠰᠠᠶᠢᠬᠠᠨ ᠵᠢᠭᠤᠯᠴᠢᠯᠠᠯ ᠤᠨ ᠦᠢᠯᠡᠴᠢᠯᠡᠭᠡᠨ ᠤ ᠰᠢᠰᠲ᠋ᠧᠮ᠂ ᠰᠢᠨ᠎ᠡ ᠰᠣᠷᠭᠤᠭ ᠬᠠᠷᠠᠴᠢᠨ ᠨᠢ ᠡᠨᠡ ᠬᠦ ᠵᠢᠵᠢᠭ ᠬᠤᠲᠠ ᠶᠢᠨ ᠬᠠᠮᠤᠭ ᠤᠨ ᠭᠤᠶᠣ ᠰᠠᠶᠢᠬᠠᠨ ᠨᠡᠷ᠎ᠡ ᠶᠢᠨ ᠬᠠᠭᠤᠳᠠᠰᠤ ᠪᠣᠯᠤᠭᠰᠠᠨ ᠪᠠᠶᠢᠨ᠎ᠠ᠃ ᠣᠲᠣ ᠪᠣᠯᠲᠠᠯ᠎ᠠ᠂ ᠬᠠᠷᠠᠴᠢᠨ ᠬᠤᠰᠢᠭᠤᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠪᠠ ᠣᠳᠣᠨ ᠲᠠᠰ ᠤᠨ ᠭᠥᠯᠢᠶᠡᠨ ᠠᠪᠬᠤ ᠡᠷᠦᠬᠡ ᠶᠢᠨ ᠲᠤᠭ᠎ᠠ ᠨᠢ ᠤᠯᠠᠭᠠᠨᠬᠠᠳᠠ ᠬᠤᠲᠠ ᠶᠢᠨ ᠬᠠᠭᠠᠰ ᠠᠴᠠ ᠳᠡᠭᠡᠭᠰᠢᠬᠢ ᠶᠢ ᠡᠵᠡᠯᠡᠵᠦ᠂ ᠪᠥᠬᠦ ᠬᠤᠰᠢᠭᠤᠨ ᠤ ᠵᠢᠭᠤᠯᠴᠢᠯᠠᠯ ᠤᠨ ᠭᠥᠯᠢᠶᠡᠨ ᠠᠪᠬᠤ ᠬᠥᠮᠦᠨ ᠤᠳᠠᠭ᠎ᠠ ᠶᠢᠨ ᠲᠤᠭ᠎ᠠ 130 ᠭᠠᠷᠤᠶ ᠲᠦᠮᠡᠨ ᠬᠥᠮᠦᠨ ᠤᠳᠠᠭ᠎ᠠ ᠳᠤ ᠬᠦᠷᠴᠦ᠂ ᠶᠡᠷᠦᠩᠬᠡᠶ ᠣᠷᠣᠯᠭ᠎ᠠ ᠨᠢ ᠪᠠᠷᠤᠭ 10 ᠳ᠋ᠦᠩᠰᠢᠭᠤᠷ ᠲᠥᠭᠦᠷᠢᠭ ᠲᠤ ᠬᠦᠷᠴᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号