ᠳᠡᠭᠡᠷ᠎ᠡ ᠭᠤᠷᠪᠠᠨ ᠱᠠᠲᠤᠨ ᠤ ᠠᠷᠠᠳ ᠤᠨ ᠲᠥᠯᠥᠭᠡᠯᠡᠭᠴᠢ ᠬᠠᠷᠠᠴᠢᠨ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠦᠵᠡᠪᠡ
ᠨᠡᠶᠢᠲᠡᠯᠡᠭᠰᠡᠨ ᠴᠠᠭ᠄
2022/12/9
ᠳᠡᠭᠡᠷ᠎ᠡ ᠭᠤᠷᠪᠠᠨ ᠱᠠᠲᠤᠨ ᠤ ᠠᠷᠠᠳ ᠤᠨ ᠲᠥᠯᠥᠭᠡᠯᠡᠭᠴᠢ ᠬᠠᠷᠠᠴᠢᠨ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠦᠵᠡᠪᠡ    12 ᠰᠠᠷ᠎ᠠ ᠶᠢᠨ 8 ᠤ ᠦᠳᠡ ᠶᠢᠨ ᠬᠤᠶᠢᠨ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠠᠶ ᠹᠠᠩ ᠳᠤᠭᠤᠶᠢᠯᠠᠩ ᠳᠠᠭᠠᠭᠤᠯᠤᠨ᠂ ᠮᠠᠨ ᠤ ᠬᠤᠲᠠ ᠳᠤ ᠪᠠᠶᠢᠭ᠎ᠠ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢ ᠪᠠ ᠬᠤᠲᠠ ᠶᠢᠨ ᠠᠷᠠᠳ ᠤᠨ ᠲᠥᠯᠥᠭᠡᠯᠡᠭᠴᠢ ᠶᠢ ᠳᠠᠭᠠᠭᠤᠯᠤᠨ᠂ ᠮᠠᠨ ᠤ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠦᠵᠡᠪᠡ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠮᠥ ᠵᠡᠷᠭᠡ ᠤᠳᠤᠷᠢᠳᠤᠯᠭ᠎ᠠ ᠵᠢᠴᠢ ᠬᠤᠰᠢᠭᠤ ᠨᠠᠮ ᠤᠨ ᠬᠤᠷᠢᠶᠠᠨ ᠤ ᠱᠦᠵᠢ ᠹᠠᠩ ᠷᠦᠢ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠶᠠᠩ ᠸᠤᠨ ᠳ᠋ᠦᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠷᠦᠩ ᠰᠢ ᠹᠧᠩ ᠂ ᠬᠤᠰᠢᠭᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠪᠢᠴᠢᠭᠲᠦ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃    ᠪᠠᠶᠢᠴᠠᠭᠠᠨ ᠦᠵᠡᠬᠦ ᠳᠤᠭᠤᠶᠢᠯᠠᠩ ᠨᠢᠦ ᠵᠢᠶᠠ ᠢᠩᠽᠢ ᠪᠠᠯᠭᠠᠰᠤᠨ ᠤ ᠥᠪᠥᠷ ᠮᠣᠩᠭᠤᠯ ᠤᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠪᠠᠷᠢᠮᠵᠢᠶᠠᠵᠢᠭᠰᠠᠨ ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠰᠠᠭᠤᠷᠢᠨ ᠭᠠᠵᠠᠷ ᠲᠤ ᠭᠦᠨᠵᠡᠭᠡᠶᠢᠷᠡᠵᠦ᠂ ᠥᠪᠥᠷ ᠮᠣᠩᠭᠤᠯ ᠤᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠪᠠᠷᠢᠮᠵᠢᠶᠠᠵᠢᠭᠰᠠᠨ ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠳᠡᠳ᠋ ᠬᠤᠰᠢᠭᠤᠨ ᠤ ᠳᠠᠷᠤᠭ᠎ᠠ ᠪᠢᠴᠢᠭᠲᠦ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠷᠠᠴᠢᠨ ᠬᠤᠰᠢᠭᠤᠨ ᠤ ᠭᠤᠤᠯᠳᠠᠯᠭ᠎ᠠ ᠲᠠᠢ ᠠᠵᠤ ᠠᠬᠤᠶᠢᠯᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠪᠠ᠃    ᠣᠶᠢᠯᠠᠭᠠᠭᠰᠠᠨ ᠢᠶᠠᠷ᠂ ᠨᠢᠦ ᠵᠢᠶᠠ ᠢᠩᠽᠢ ᠪᠠᠯᠭᠠᠰᠤᠨ ᠤ ᠥᠪᠥᠷ ᠮᠣᠩᠭᠤᠯ ᠤᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠪᠠᠷᠢᠮᠵᠢᠶᠠᠵᠢᠭᠤᠯᠤᠭᠰᠠᠨ ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠳᠤ ᠨᠡᠶᠢᠲᠡ 16 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 1000 ᠮᠥ ᠭᠠᠵᠠᠷ ᠡᠵᠡᠯᠡᠨ᠂ ᠬᠤᠶᠠᠷ ᠬᠤᠭᠤᠴᠠᠭ᠎ᠠ ᠬᠤᠪᠢᠶᠠᠨ ᠪᠥᠲᠥᠭᠡᠨ ᠪᠠᠶᠢᠭᠤᠯᠬᠤ ᠪᠠᠷ ᠲᠥᠯᠥᠪᠯᠡᠵᠦ ᠪᠣᠶ᠃ ᠨᠢᠭᠡᠳᠦᠭᠡᠷ ᠬᠤᠭᠤᠴᠠᠭᠠᠨ ᠳᠤ 188 ᠮᠥ ᠭᠠᠵᠠᠷ ᠡᠵᠡᠯᠡᠵᠦ᠂ 3.2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠭᠤᠤᠯᠳᠠᠭᠤ 5 ᠲᠦᠮᠡᠨ ᠲᠡᠭᠰᠢ ᠳᠥᠷᠪᠡᠯᠵᠢᠨ ᠮᠧᠲᠷ ᠤᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠢ ᠦᠢᠯᠡᠳᠪᠦᠷᠢᠯᠡᠨ ᠪᠣᠯᠪᠠᠰᠤᠷᠠᠭᠤᠯᠬᠤ ᠲᠣᠭᠤᠷᠢᠭ᠂ 2.2 ᠲᠦᠮᠡᠨ ᠲᠡᠭᠰᠢ ᠳᠥᠷᠪᠡᠯᠵᠢᠨ ᠮᠧᠲᠷ ᠤᠨ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠲᠣᠭᠤᠷᠢᠭ᠂ 1 ᠲᠦᠮᠡᠨ ᠲᠡᠭᠰᠢ ᠳᠥᠷᠪᠡᠯᠵᠢᠨ ᠮᠧᠲᠷ ᠤᠨ ᠦᠢᠯᠡᠳᠬᠦᠨ ᠢ ᠰᠤᠳᠤᠯᠤᠨ ᠨᠡᠭᠡᠭᠡᠵᠦ ᠳᠡᠯᠭᠡᠨ ᠦᠵᠡᠭᠦᠯᠵᠦ ᠠᠷᠠᠯᠵᠢᠶᠠᠯᠠᠬᠤ ᠲᠣᠭᠤᠷᠢᠭ ᠪᠠ 3000 ᠲᠡᠭᠰᠢ ᠳᠥᠷᠪᠡᠯᠵᠢᠨ ᠮᠧᠲᠷ ᠤᠨ ᠬᠤᠳᠠᠯᠳᠤᠭᠠᠨ ᠤ ᠠᠯᠪᠠᠯᠠᠬᠤ ᠦᠢᠯᠡᠴᠢᠯᠡᠭᠡᠨ ᠤ ᠲᠣᠭᠤᠷᠢᠭ ᠢ ᠪᠥᠲᠥᠭᠡᠨ ᠪᠠᠶᠢᠭᠤᠯᠤᠨ᠎ᠠ︔ ᠲᠥᠷᠥᠯ ᠵᠦᠢᠯ ᠤᠨ ᠬᠤᠶᠠᠳᠤᠭᠠᠷ ᠬᠤᠭᠤᠴᠠᠭᠠᠨ ᠳᠤ ᠦᠷ᠎ᠡ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ᠂ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠢ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠪᠠ ᠡᠷᠡᠭᠦᠯ ᠮᠡᠨᠳᠦ ᠪᠡᠶ᠎ᠡ ᠰᠤᠪᠢᠯᠠᠬᠤ ᠬᠦᠷᠢᠶᠡᠯᠡᠩ ᠢ ᠲᠥᠯᠥᠪᠵᠢᠭᠦᠯᠦᠨ ᠪᠥᠲᠥᠭᠡᠨ ᠪᠠᠶᠢᠭᠤᠯᠤᠨ᠎ᠠ᠃    ᠲᠥᠯᠥᠭᠡᠯᠡᠭᠴᠢᠳ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠭᠦᠢᠴᠡᠳ ᠨᠤᠲᠠᠯᠠᠵᠤ᠂ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ ᠂ ᠥᠷᠭᠡᠨ ᠳᠡᠯᠭᠡᠷ ᠤᠬᠠᠭᠤᠯᠭ᠎ᠠ ᠬᠢᠵᠦ᠂ ᠢᠳᠡᠪᠬᠢᠲᠡᠶ ᠣᠷᠣᠯᠴᠠᠨ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ ᠭᠡᠵᠦ ᠢᠯᠡᠷᠬᠡᠶᠢᠯᠡᠵᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号