ᠮᠠᠨ ᠤ ᠬᠤᠰᠢᠭᠤ ᠠᠮᠢ ᠠᠬᠤᠶ ᠶᠢᠨ ᠣᠷᠴᠢᠨ ᠲᠣᠭᠤᠷᠢᠨ ᠤ ᠵᠥᠪᠯᠡᠯ ᠤᠨ ᠨᠢᠭᠡᠳᠦᠭᠡᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/2/10
ᠮᠠᠨ ᠤ ᠬᠤᠰᠢᠭᠤ ᠠᠮᠢ ᠠᠬᠤᠶ ᠶᠢᠨ ᠣᠷᠴᠢᠨ ᠲᠣᠭᠤᠷᠢᠨ ᠤ ᠵᠥᠪᠯᠡᠯ ᠤᠨ ᠨᠢᠭᠡᠳᠦᠭᠡᠷ ᠤᠳᠠᠭ᠎ᠠ ᠶᠢᠨ ᠬᠤᠷᠠᠯ ᠬᠤᠷᠠᠯᠳᠤᠭᠤᠯᠪᠠ    2 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠵᠥᠪᠯᠡᠯ ᠤᠨ 2022 ᠣᠨ ᠤ ᠨᠢᠭᠡᠳᠦᠭᠡᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠮᠢ ᠠᠬᠤᠶ ᠶᠢᠨ ᠬᠠᠮᠠᠭᠠᠯᠠᠯᠲᠠ ᠶᠢᠨ ᠠᠵᠢᠯ ᠤᠨ ᠬᠠᠮᠢᠶ᠎ᠠ ᠪᠥᠬᠦᠶ ᠲᠥᠰᠦᠯ ᠢ ᠬᠢᠨᠠᠨ ᠵᠥᠪᠯᠡᠵᠦ᠂ ᠣᠳᠣᠬᠠᠨ ᠤ ᠪᠠᠶᠢᠴᠠᠭᠠᠯᠲᠠ ᠶᠢ ᠤᠭᠲᠤᠬᠤ ᠡᠯ᠎ᠡ ᠵᠦᠶᠯ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠪᠠᠶ ᠯᠢᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢ ᠬᠦᠶ ᠹᠠᠩ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠰᠢᠶ᠋ᠧ ᠶᠦᠨ ᠰᠥᠩ ᠬᠤᠷᠠᠯ ᠳᠤ ᠣᠷᠣᠯᠴᠠᠵᠠᠶ᠃

   ᠬᠤᠷᠠᠯ ᠠᠴᠠ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠤᠤᠷᠠᠳᠤ ᠱᠠᠲᠤᠨ ᠤ ᠬᠢᠨ ᠣᠷᠴᠢᠨ

ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠪᠠ ᠪᠠᠶᠢᠴᠠᠭᠠᠯᠲᠠ ᠶᠢ ᠤᠭᠲᠤᠬᠤ ᠠᠵᠢᠯ ᠢ ᠰᠠᠶᠢᠲᠤᠷ ᠬᠢᠬᠦ

ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠶ᠃ ᠲᠣᠰ

ᠤᠳᠠᠭᠠᠨ ᠤ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠪᠣᠯ ᠨᠠᠮ ᠤᠨ

ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ

ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠳᠥᠯᠭᠢᠨ ᠠᠬᠢᠭᠤᠯᠬᠤ ᠴᠢᠬᠤᠯᠠ ᠶᠡᠭᠡ ᠠᠷᠭ᠎ᠠ

ᠬᠡᠮᠵᠢᠶ᠎ᠡ ᠶᠢᠨ ᠲᠣᠬᠢᠷᠠᠭᠤᠯᠤᠯᠲᠠ ᠮᠥᠨ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ

ᠵᠣᠭᠰᠣᠴᠠ ᠪᠠᠨ ᠳᠡᠭᠡᠭᠰᠢᠯᠡᠭᠦᠯᠵᠦ᠂ ᠲᠠᠨᠢᠯᠲᠠ ᠪᠠᠨ ᠭᠦᠨᠵᠡᠭᠡᠶᠢᠷᠡᠭᠦᠯᠦᠨ᠂ ︽ᠬᠤᠶᠠᠷ ᠢ ᠬᠠᠮᠠᠭᠠᠯᠠᠬᠤ︾ ᠪᠠ ︽

ᠠᠮᠢ ᠠᠬᠤᠶ ᠶᠢᠨ ᠬᠤᠰᠢᠭᠤ ᠪᠠᠶᠢᠭᠤᠯᠬᠤ︾ ᠳᠡᠭᠡᠳᠦ ᠬᠡᠮᠵᠢᠶᠡᠨ ᠳᠤ ᠦᠨᠡᠨ ᠬᠦ ᠵᠣᠭᠰᠣᠵᠤ᠂ ᠰᠢᠪᠠᠳᠠᠨ

ᠪᠠᠶᠢᠴᠠᠭᠠᠯᠲᠠ ᠶᠢᠨ ᠪᠡᠯᠡᠳᠬᠡᠯ ᠠᠵᠢᠯ ᠢ ᠢᠳᠡᠪᠬᠢᠲᠡᠶ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃

   ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ

 ᠬᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯ ᠴᠣᠭᠴᠠ ᠶᠢᠨ

ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ

ᠰᠢᠮᠳᠠᠭᠤᠯᠤᠨ ᠪᠠᠶᠢᠴᠠᠭᠠᠬᠤ ᠠᠵᠢᠯ ᠤᠨ ᠭᠤᠤᠯᠳᠠᠯᠭ᠎ᠠ ᠲᠠᠢ ᠠᠭᠤᠯᠭ᠎ᠠ ᠶᠢ ᠭᠦᠶᠴᠡᠳ ᠡᠵᠡᠮᠰᠢᠨ᠂ ᠠᠰᠠᠭᠤᠳᠠᠯ ᠢᠶᠠᠷ

ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠴᠠᠭ ᠲᠤᠬᠠᠶ ᠳᠤᠨᠢ

ᠰᠠᠶᠢᠲᠤᠷ ᠡᠵᠡᠮᠰᠢᠵᠦ᠂ ᠠᠵᠢᠯ ᠤᠨ ᠲᠣᠭᠲᠠᠴᠠ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠠᠮᠢᠶ᠎ᠠ ᠪᠥᠬᠦᠶ

ᠲᠠᠩᠰᠠ ᠡᠪᠬᠡᠮᠡᠯ ᠤᠨ ᠮᠠᠲ᠋ᠧᠷᠢᠶᠠᠯ ᠢ ᠪᠥᠬᠦ ᠬᠦᠴᠦᠨ ᠢᠶᠠᠷ ᠢᠶᠠᠨ ᠪᠦᠷᠢᠨᠰᠢᠬᠦᠯᠦᠨ ᠲᠡᠭᠦᠯᠳᠡᠷᠵᠢᠭᠦᠯᠵᠦ᠂ ᠡᠭᠦᠷᠭᠡ

ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠰᠠᠶᠢᠲᠤᠷ ᠭᠦᠶᠴᠡᠳᠬᠡᠬᠦ ᠬᠡᠷᠡᠭᠲᠡᠶ᠃ ᠪᠦᠬᠦ ᠲᠠᠯ᠎ᠠ ᠪᠠᠷ ᠰᠢᠰᠲ᠋ᠧᠮ ᠲᠠᠢ

ᠡᠮᠬᠢᠯᠡᠵᠦ᠂ ᠳᠤᠲᠠᠭᠤᠳᠠᠯ ᠪᠠᠭᠤᠷᠠᠢ ᠵᠦᠢᠯ ᠳᠤ ᠦᠨᠡᠨᠬᠦ ᠠᠩᠬᠠᠷᠤᠯ ᠢᠶᠠᠨ ᠲᠥᠪᠯᠡᠷᠡᠭᠦᠯᠵᠦ᠂ ᠥᠨᠳᠥᠷ ᠳᠠᠷᠤᠯᠲᠠᠲᠤ

ᠬᠦᠴᠦᠨ ᠢᠶᠠᠷ ᠠᠵᠢᠯ ᠤᠨ ᠴᠡᠭᠴᠡᠯᠡᠨ ᠰᠠᠶᠢᠵᠢᠷᠠᠭᠤᠯᠤᠯᠲᠠ ᠶᠢ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ

ᠳᠤᠪᠤᠶᠢᠮ᠎ᠠ ᠠᠰᠠᠭᠤᠳᠠᠯ ᠢ ᠯᠠᠪᠳᠠᠭᠤᠨ ᠪᠠᠲᠤᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠪᠦᠬᠦ ᠶᠠᠪᠤᠴᠠ ᠳᠤ

ᠠᠵᠢᠯ ᠤᠨ ᠠᠬᠢᠴᠠ ᠶᠢ ᠴᠢᠩᠭ᠎ᠠ ᠠᠩᠬᠠᠷᠴᠤ᠂ ᠨᠢᠭᠡ ᠠᠴᠠ ᠵᠦᠢᠴᠢᠯᠡᠵᠦ ᠭᠤᠷᠪᠠ ᠶᠢ ᠵᠦᠢᠴᠢᠯᠡᠨ ᠠᠷᠭ᠎ᠠ

ᠪᠤᠳᠤᠯᠭ᠎ᠠ ᠲᠣᠭᠲᠠᠭᠠᠨ ᠬᠡᠷᠡᠭᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠪᠢᠴᠢᠭ᠂ ᠬᠠᠷᠢᠭᠤᠴᠠᠯᠭ᠎ᠠ ᠶᠢᠨ

ᠲᠦᠷᠢᠮ᠂ ᠴᠠᠭ ᠤᠨ ᠬᠦᠰᠦᠨᠦᠭᠲᠦ ᠲᠠᠢ ᠬᠠᠷᠢᠴᠠᠭᠤᠯᠤᠨ ᠪᠣᠭᠤᠮᠲᠠ ᠰᠢᠪᠲᠤᠯᠵᠤ᠂ ᠶᠠᠪᠤᠳᠠᠯ ᠪᠦᠬᠦᠨ ᠢ

ᠨᠠᠶᠢᠳᠠᠪᠤᠷᠢᠵᠢᠭᠤᠯᠬᠤ᠂ ᠶᠠᠪᠤᠳᠠᠯ ᠪᠦᠬᠦᠨ ᠢ ᠰᠠᠶᠢᠲᠤᠷ ᠥᠭᠡᠷᠡᠴᠢᠯᠡᠬᠦ ᠶᠢ ᠪᠠᠲᠤᠯᠠᠵᠤ᠂ ᠴᠡᠭᠴᠡᠯᠡᠨ ᠰᠠᠶᠢᠵᠢᠷᠠᠭᠤᠯᠵᠤ

ᠨᠠᠶᠢᠳᠠᠪᠤᠷᠢᠵᠢᠭᠤᠯᠬᠤ ᠶᠢ ᠴᠢᠩᠭ᠎ᠠ ᠪᠥᠭᠡᠳ ᠨᠠᠷᠢᠯᠢᠭ ᠰᠠᠶᠢᠲᠤᠷ ᠠᠳᠬᠤᠬᠤ ᠬᠡᠷᠡᠭᠲᠡᠢ᠃

   ᠬᠤᠷᠠᠯ ᠠᠴᠠ ᠪᠠᠰᠠ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ

ᠠᠵᠢᠯ ᠤᠨ ᠲᠦᠷᠢᠮ ᠪᠣᠯᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠᠨ ᠠᠭᠤᠯᠠ ᠮᠥᠩᠭᠦᠨ ᠠᠭᠤᠯᠠ

ᠮᠥᠨ︾ ᠭᠡᠬᠦ ᠦᠶᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠠᠵᠢᠯ ᠢ

ᠰᠣᠨᠣᠰᠴᠤ ᠬᠢᠨᠠᠨ ᠵᠥᠪᠯᠡᠵᠡᠶ᠃

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号