ᠬᠤᠰᠢᠭᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ︵ᠥᠷᠭᠡᠳᠬᠡᠭᠰᠡᠨ︶ 2022 ᠣᠨ ᠤ ᠴᠠᠭᠠᠨ ᠰᠠᠷ᠎ᠠ ᠶᠢᠨ ᠨᠣᠮ ᠤᠩᠰᠢᠬᠤ ᠠᠩᠭᠢ ᠡᠬᠢᠯᠡᠪᠡ
ᠨᠡᠶᠢᠲᠡᠯᠡᠭᠰᠡᠨ ᠴᠠᠭ᠄
2022/2/10
ᠬᠤᠰᠢᠭᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ︵ᠥᠷᠭᠡᠳᠬᠡᠭᠰᠡᠨ︶ 2022 ᠣᠨ ᠤ ᠴᠠᠭᠠᠨ ᠰᠠᠷ᠎ᠠ ᠶᠢᠨ ᠨᠣᠮ ᠤᠩᠰᠢᠬᠤ ᠠᠩᠭᠢ ᠡᠬᠢᠯᠡᠪᠡ    ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠭᠦᠯᠵᠦ᠂ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷᠴᠤᠳ ᠤᠨ ᠰᠦᠷ ᠰᠦᠯᠳᠡ ᠶᠢ ᠪᠠᠳᠠᠷᠠᠭᠤᠯᠤᠨ ᠰᠢᠨ᠎ᠡ ᠪᠠᠶᠢᠳᠠᠯ ᠢ ᠨᠡᠭᠡᠭᠡᠬᠦ ᠶᠢ ᠵᠣᠷᠢᠭᠵᠢᠭᠤᠯᠬᠤ ᠶᠢᠨ ᠲᠥᠯᠥᠭᠡ᠂ 2 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ︵ᠥᠷᠭᠡᠳᠬᠡᠭᠰᠡᠨ ︶ 2022 ᠣᠨ ᠤ ᠴᠠᠭᠠᠨ ᠰᠠᠷ᠎ᠠ ᠶᠢᠨ ᠨᠣᠮ ᠤᠩᠰᠢᠬᠤ ᠠᠩᠭᠢ ᠬᠤᠰᠢᠭᠤᠨ ᠤ ᠰᠣᠶᠣᠯ ᠤᠷᠠᠯᠢᠭ ᠤᠨ ᠲᠥᠪ ᠲᠤ ᠰᠤᠷᠤᠯᠭ᠎ᠠ ᠡᠬᠢᠯᠡᠪᠡ᠃

   ᠬᠤᠰᠢᠭᠤᠨ ᠨᠠᠮ ᠤᠨ ᠬᠤᠷᠢᠶᠠᠨ ᠤ ᠱᠦᠵᠢ ᠹᠠᠩ ᠷᠦᠢ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂

ᠬᠤᠰᠢᠭᠤᠨ ᠳᠠᠷᠤᠭ᠎ᠠ ᠵᠤᠤ ᠶᠠᠨ ᠬᠤᠩ ᠵᠡᠷᠭᠡ ᠭᠡᠷ ᠲᠡᠭᠡᠨ ᠪᠠᠶᠢᠭ᠎ᠠ ᠬᠤᠰᠢᠭᠤᠨ ᠳᠡᠰ ᠤᠨ ᠤᠳᠤᠷᠢᠳᠤᠯᠭ᠎ᠠ᠂

ᠪᠦᠬᠦ ᠬᠤᠰᠢᠭᠤᠨ ᠤ ᠳᠡᠳ᠋ ᠰᠠᠯᠠᠭᠠᠨ ᠳᠡᠰ ᠠᠴᠠ ᠳᠡᠭᠡᠭᠰᠢᠬᠢ ᠤᠳᠤᠷᠢᠳᠬᠤ ᠺᠠᠲᠠᠷ ᠵᠢᠴᠢ ᠳᠤᠮᠳᠠ ᠲᠤᠭᠤᠷᠢᠭ

ᠬᠤᠲᠠ ᠶᠢᠨ ᠰᠢᠭᠤᠳ ᠰᠠᠭᠤᠭ᠎ᠠ ᠬᠤᠰᠢᠭᠤᠨ ᠤ ᠡᠯ᠎ᠡ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠬᠡᠰᠡᠭ ᠵᠠᠰᠠᠭ

ᠵᠠᠬᠢᠷᠭᠠᠨ ᠤ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠱᠦᠵᠢ 60 ᠰᠢᠬᠠᠮ ᠬᠦᠮᠦᠨ ᠰᠤᠷᠤᠯᠴᠠᠯᠭ᠎ᠠ

 ᠳᠤ ᠤᠷᠤᠯᠴᠠᠵᠠᠢ᠃ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ

ᠳᠡᠷᠤᠭ᠎ᠠ ᠳ᠋ᠦᠩ ᠯᠧᠢ ᠬᠤᠷᠠᠯ ᠡᠷᠬᠢᠯᠡᠪᠡ᠃

   ᠳ᠋ᠦᠩ ᠯᠸᠢ ᠠᠩᠭᠢ ᠡᠬᠢᠯᠡᠬᠦ ᠶᠣᠰᠣᠯᠠᠯ ᠳᠡᠭᠡᠷ᠎ᠡ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠥᠷᠭᠡᠨ

ᠣᠯᠠᠨ ᠨᠠᠮ ᠤᠨ ᠭᠡᠰᠢᠭᠦᠨ ᠺᠠᠳ᠋ᠷᠴᠤᠳ ᠣᠨᠣᠯ ᠢᠶᠠᠷ ᠵᠡᠪᠰᠡᠭᠯᠡᠬᠦ ᠶᠢᠨ ᠴᠢᠬᠤᠯᠠ ᠠᠴᠢ ᠬᠤᠯᠪᠣᠭᠳᠠᠯ ᠢ ᠭᠦᠶᠴᠡᠳ

ᠲᠠᠨᠢᠬᠤ ᠬᠡᠷᠡᠭᠲᠡᠶ᠃ ᠳᠤᠮᠳᠠᠳᠤ ᠤᠯᠤᠰ ᠤᠨ ᠡᠪ ᠬᠠᠮᠲᠤᠴᠤᠳ ᠰᠤᠷᠤᠯᠴᠠᠯᠭ᠎ᠠ ᠳᠤ ᠲᠦᠰᠢᠭᠯᠡᠨ ᠥᠨᠥᠳᠦᠷ ᠲᠤ

ᠬᠦᠷᠴᠦ ᠢᠷᠡᠭᠰᠡᠨ ᠪᠥᠭᠡᠳ ᠰᠤᠷᠤᠯᠴᠠᠯᠭ᠎ᠠ ᠳᠤ ᠲᠦᠰᠢᠭᠯᠡᠨ ᠢᠷᠡᠭᠡᠳᠦᠶ ᠵᠦᠭ ᠤᠷᠤᠭᠰᠢᠯᠠᠬᠤ ᠨᠢ ᠵᠠᠶᠢᠯᠠᠰᠢ ᠦᠭᠡᠢ

ᠶᠤᠮ ᠭᠡᠵᠦ ᠶᠡᠷᠦᠩᠬᠡᠶ ᠱᠦᠵᠢ ᠰᠢ ᠶᠢᠨ ᠫᠢᠩ ᠲᠠᠬᠢᠨ ᠳᠠᠪᠲᠠᠨ ᠴᠢᠬᠤᠯᠠᠴᠢᠯᠠᠭᠰᠠᠨ ᠶᠤᠮ᠃ ᠡᠨᠡ ᠵᠢᠯ ᠪᠣᠯ

ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠷᠠᠯᠳᠤᠬᠤ ᠵᠢᠯ ᠮᠥᠨ᠂ ᠪᠠᠰᠠ ᠴᠤ ︽ᠠᠷᠪᠠᠨ ᠳᠥᠷᠪᠡᠳᠦᠭᠡᠷ ᠲᠠᠪᠤᠨ

ᠵᠢᠯ  ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠴᠢᠬᠤᠯᠠ ᠨᠢᠭᠡ ᠵᠢᠯ ᠮᠥᠨ᠂ ᠮᠥᠨ ᠴᠦ ᠮᠠᠨ ᠤ ᠬᠤᠰᠢᠭᠤᠨ ᠤ

ᠰᠢᠨ᠎ᠡ ᠨᠢᠭᠡ ᠬᠤᠭᠤᠴᠠᠭᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠠᠵᠢᠯ ᠤᠨ

ᠡᠬᠢᠯᠡᠯᠲᠡ ᠶᠢᠨ ᠵᠢᠯ ᠮᠥᠨ᠂ ᠮᠥᠨ ᠴᠦ ᠮᠠᠨ ᠤ ᠬᠤᠰᠢᠭᠤᠨ ᠤ ᠰᠢᠨ᠎ᠡ ᠨᠢᠭᠡ ᠬᠤᠭᠤᠴᠠᠭᠠᠨ ᠤ ᠨᠠᠮ ᠤᠨ ᠬᠤᠷᠢᠶ᠎ᠠ

ᠵᠠᠰᠠᠭ ᠤᠨ ᠣᠷᠳᠣᠨ ᠤ ᠤᠳᠤᠷᠢᠳᠬᠤ ᠪᠠᠭ ᠤᠨ ᠠᠵᠢᠯ ᠤᠨ ᠡᠬᠢᠯᠡᠯᠲᠡ ᠶᠢᠨ ᠵᠢᠯ ᠮᠥᠨ᠃ ᠰᠢᠨ᠎ᠡ ᠪᠠᠶᠢᠳᠠᠯ᠂

ᠰᠢᠨ᠎ᠡ ᠡᠭᠦᠷᠭᠡ ᠶᠢᠨ ᠡᠮᠦᠨ᠎ᠡ᠂ ᠪᠥᠬᠦ ᠬᠤᠰᠢᠭᠤᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ

ᠰᠤᠷᠤᠯᠴᠠᠯᠭ᠎ᠠ ᠪᠠᠷ ᠳᠠᠮᠵᠢᠭᠤᠯᠤᠨ ᠣᠨᠣᠯᠵᠢᠬᠤᠨ ᠢᠶᠠᠨ ᠲᠠᠰ ᠳᠡᠪᠰᠢᠭᠦᠯᠵᠦ᠂ ᠰᠡᠳᠬᠢᠴᠡ ᠪᠠᠨ ᠥᠷᠭᠡᠳᠬᠡᠨ᠂

ᠦᠵᠡᠯ ᠰᠠᠨᠠᠭ᠎ᠠ ᠪᠠᠨ ᠨᠢᠭᠡᠳᠬᠡᠵᠦ᠂ ᠬᠢᠯᠪᠠᠷ ᠪᠤᠰᠤ ᠪᠠᠷ ᠢᠷᠡᠭᠰᠡᠨ ᠰᠤᠷᠤᠯᠴᠠᠬᠤ ᠲᠣᠬᠢᠶᠠᠯ ᠢᠶᠠᠨ ᠨᠠᠨᠳᠢᠩᠨᠠᠬᠤ

ᠬᠡᠷᠡᠭᠲᠡᠶ᠃

   ᠤᠷᠢᠭᠳᠠᠭᠰᠠᠨ ᠭᠤᠷᠪᠠᠨ ᠲᠤᠰᠬᠠᠶ ᠮᠡᠷᠭᠡᠵᠢᠯᠲᠡᠨ ᠨᠢ ᠴᠥᠮ ᠤᠯᠤᠰ ᠤᠨ ᠳᠣᠲᠣᠭᠠᠳᠤ ᠶᠢᠨ ᠬᠠᠮᠢᠶ᠎ᠠ ᠪᠥᠬᠦᠶ

ᠬᠦᠷᠢᠶᠡᠨ ᠤ ᠡᠷᠬᠡ ᠬᠦᠨᠳᠦᠲᠡᠶ ᠬᠥᠮᠦᠰ ᠪᠠᠶᠢᠵᠤ᠂ ᠬᠢᠴᠢᠶᠡᠯ ᠤᠨ ᠠᠭᠤᠯᠭ᠎ᠠ ᠨᠢ ᠮᠠᠨ ᠤ ᠬᠤᠰᠢᠭᠤᠨ ᠤ

ᠬᠥᠭᠵᠢᠯᠲᠡ ᠶᠢᠨ ᠪᠠᠶᠢᠷᠢ ᠲᠣᠭᠲᠠᠭᠠᠯᠲᠠ᠂ ᠬᠥᠭᠵᠢᠯᠲᠡ ᠶᠢᠨ ᠴᠢᠭᠯᠡᠯ ᠲᠠᠢ ᠪᠦᠷᠢᠨ ᠨᠡᠶᠢᠴᠡᠵᠦ᠂ ᠰᠤᠷᠤᠯᠴᠠᠬᠤ

ᠶᠠᠪᠤᠴᠠ ᠳᠠᠭᠠᠨ ᠰᠤᠷᠤᠯᠴᠠᠬᠤ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠰᠤᠷᠤᠯᠴᠠᠬᠤ ᠠᠭᠤᠯᠭ᠎ᠠ ᠤᠨ ᠴᠢᠨᠠᠷ

ᠴᠢᠨᠰᠠᠭ᠎ᠠ ᠶᠢ ᠪᠠᠲᠤᠯᠠᠨ ᠪᠡᠶᠡᠯᠡᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠶ᠃

ᠨᠣᠮ ᠤᠩᠰᠢᠬᠤ ᠠᠩᠬᠢ ᠳᠤ᠂ ᠵᠢᠶᠠᠩᠰᠦ ᠮᠤᠵᠢ ᠶᠢᠨ ᠵᠠᠰᠠᠭ ᠤᠨ ᠣᠷᠳᠣᠨ ᠤ ᠰᠤᠳᠤᠯᠬᠤ ᠲᠠᠰᠤᠭ ᠤᠨ ᠵᠥᠪᠯᠡᠭᠴᠢ᠂

ᠵᠧᠵᠢᠶᠠᠩ ᠤᠨ ᠴᠢᠩᠬᠤᠸᠠ ᠶᠡᠭᠡ ᠰᠤᠷᠭᠠᠭᠤᠯᠢ ᠶᠢᠨ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠰᠤᠳᠤᠯᠭᠠᠨ ᠤ

ᠬᠦᠷᠢᠶᠡᠯᠡᠩ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠭᠦᠦ ᠲᠤᠰᠬᠠᠢ ᠮᠡᠷᠭᠡᠵᠢᠯᠲᠡᠨ᠂

ᠴᠢᠩᠬᠤᠸᠠ ᠶᠡᠭᠡ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ᠂ ᠵᠧᠵᠢᠶᠠᠩ ᠶᠡᠭᠡ ᠰᠤᠷᠭᠠᠭᠤᠯᠢ ᠵᠡᠷᠭᠡ ᠤᠯᠠᠨ ᠶᠡᠭᠡ

ᠰᠤᠷᠭᠠᠭᠤᠯᠢ ᠶᠢᠨ ᠵᠣᠴᠢᠨ ᠫᠷᠤᠹᠧᠰᠰᠤᠷ ᠯᠦ ᠱᠦᠢ ᠱᠧᠩ ᠪᠠᠭᠰᠢ ︽ᠭᠤᠷᠪᠠ ᠶᠢ ᠬᠤᠪᠢᠷᠠᠭᠤᠯᠬᠤ

ᠥᠭᠡᠷᠡᠴᠢᠯᠡᠯᠲᠡ ᠶᠢ ᠥᠷᠨᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠶ᠎ᠠ︾ ᠭᠡᠬᠦ

ᠰᠡᠳᠦᠪ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠶᠢᠳᠠ ᠰᠠᠶᠢᠬᠠᠨ ᠭᠤᠣᠯ ᠰᠡᠳᠦᠪᠲᠦ

ᠲᠠᠶᠢᠯᠤᠮᠵᠢ ᠬᠢᠵᠡᠢ᠃

   ᠲᠠᠶᠢᠯᠤᠮᠵᠢ ᠨᠢ ᠣᠳᠣᠬᠠᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠳᠤ

ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠢ ᠵᠠᠳᠠᠯᠵᠤ᠂ ᠬᠠᠨᠳᠤᠯᠭᠠᠲᠤ ᠴᠢᠨᠠᠷᠲᠠᠢ ᠪᠠᠷ ᠰᠢᠢᠳᠪᠦᠷᠢᠯᠡᠬᠦ ᠲᠥᠰᠦᠯ

ᠳᠤᠷᠠᠳᠤᠭᠰᠠᠨ ᠨᠢ ᠨᠡᠯᠢᠶᠡᠳ ᠴᠢᠩᠭ᠎ᠠ ᠦᠢᠯᠡᠳᠦᠯᠭᠡ ᠶᠢᠨ ᠠᠴᠢ ᠬᠤᠯᠪᠣᠭᠳᠠᠯ ᠪᠠ ᠵᠢᠯᠣᠭᠤᠳᠬᠤ ᠦᠨ᠎ᠡ

ᠦᠷᠳᠡᠭ ᠲᠠᠢ ᠪᠠᠶᠢᠵᠤ᠂ ᠪᠦᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠯᠬᠤᠮ

ᠠᠯᠬᠤᠮ ᠢᠶᠠᠷ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠳᠤ ᠲᠦᠢᠯ ᠤᠨ ᠠᠰᠢᠭᠲᠠᠢ ᠯᠠᠪᠯᠠᠯᠲᠠ  ᠬᠠᠩᠭᠠᠭᠰᠠᠨ

ᠪᠠᠶᠢᠨ᠎ᠠ᠃

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号