ᠬᠤᠰᠢᠭᠤᠨ ᠳᠠᠷᠤᠭ᠎ᠠ ᠵᠣᠣ ᠶᠠᠨ ᠬᠤᠩ ᠬᠤᠰᠢᠭᠤᠨ ᠳᠠᠷᠤᠭ᠎ᠠ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ | ᠬᠤᠷᠠᠯᠳᠤᠭᠤᠯᠪᠠ | 2 ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ | ᠂ ᠬᠤᠰᠢᠭᠤᠨ ᠳᠠᠷᠤᠭ᠎ᠠ ᠵᠣᠣ ᠶᠠᠨ ᠬᠤᠩ ᠬᠤᠰᠢᠭᠤᠨ ᠳᠠᠷᠤᠭ᠎ᠠ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ | ᠬᠤᠷᠠᠯᠳᠤᠭᠤᠯᠵᠤ᠂ ᠭᠤᠤᠯᠳᠠᠯᠭ᠎ᠠ ᠲᠠᠢ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠶᠴᠡᠳᠬᠡᠭᠰᠡᠨ | ᠪᠠᠶᠢᠳᠠᠯ ᠢ ᠲᠤᠰᠬᠠᠶ ᠰᠡᠳᠦᠪ ᠢᠶᠠᠷ ᠡᠮᠬᠢᠯᠡᠨ ᠰᠤᠳᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠪᠠᠶ ᠯᠢᠩ᠂ ᠬᠤᠰᠢᠭᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢ ᠬᠦᠶ ᠹᠠᠩ᠂ ᠳᠡᠳ᠋ ᠬᠤᠰᠢᠭᠤᠨ ᠳᠠᠷᠤᠭ᠎ᠠ ᠸᠠᠩ ᠯᠢ | ᠭᠦᠸᠧ᠂ ᠢ ᠰᠢᠸ᠋ ᠴᠢᠤᠸᠠᠨ ᠬᠤᠷᠠᠯ ᠳᠤ ᠣᠷᠣᠯᠴᠠᠵᠠᠶ᠃ | | | | | | | ᠬᠤᠷᠠᠯ ᠠᠴᠠ ᠲᠤᠰ ᠲᠤᠰ 2022 ᠣᠨ ᠤ ᠬᠠᠪᠤᠷ ᠤᠨ ᠤᠯᠠᠷᠢᠯ ᠤᠨ ᠠᠵᠢᠯ ᠡᠬᠢᠯᠡᠭᠦᠯᠬᠦ ᠲᠦᠷᠦᠯ ᠵᠦᠢᠯ | ᠪᠣᠯᠤᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠲᠤᠬᠢᠷᠠᠭᠤᠯᠬᠤ ᠲᠦᠷᠦᠯ ᠵᠦᠢᠯ ᠤᠨ ᠡᠮᠦᠨᠡᠬᠢ | ᠬᠤᠭᠤᠴᠠᠭᠠᠨ ᠤ ᠭᠠᠷᠳᠠᠮ ᠢ ᠭᠦᠢᠴᠡᠳᠬᠡᠭᠰᠡᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠠᠵᠢᠯ ᠤᠨ ᠠᠬᠢᠴᠠ ᠶᠢᠨ ᠪᠠᠶᠢᠳᠠᠯ ᠢ ᠬᠦᠷᠢᠶ᠎ᠡ ᠬᠡᠪᠴᠢᠶ᠎ᠡ᠂ ᠰᠠᠯᠠᠭ᠎ᠠ ᠮᠥᠴᠢᠷ ᠬᠤᠪᠢᠶᠠᠨ ᠨᠢᠭᠡᠳ ᠨᠢᠭᠡ ᠪᠠᠷ | ᠡᠮᠬᠢᠯᠡᠵᠦ᠂ ᠣᠳᠣᠬᠠᠨ ᠳᠤ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ | ᠰᠢᠢᠳᠪᠦᠷᠢᠯᠡᠬᠦ ᠶᠢᠨ ᠬᠠᠮᠲᠤ ᠤᠢᠢᠷ᠎ᠠ ᠶᠢᠨ ᠬᠤᠭᠤᠴᠠᠭᠠᠨ ᠤ ᠲᠦᠷᠦᠯ ᠵᠦᠢᠯ ᠤᠨ ᠭᠠᠷᠳᠠᠮ ᠢ ᠭᠦᠢᠴᠡᠳᠬᠡᠬᠦ ᠵᠢᠴᠢ | ᠪᠦᠳᠦᠭᠡᠨ ᠪᠠᠶᠢᠭᠤᠯᠬᠤ ᠠᠵᠢᠯ ᠢ ᠲᠠᠬᠢᠨ ᠲᠤᠬᠢᠷᠠᠭᠤᠯᠵᠤ᠂ ᠲᠠᠬᠢᠨ ᠪᠠᠶᠢᠷᠢᠯᠠᠭᠤᠯᠵᠠᠢ᠃ | | | | | | ᠬᠤᠷᠠᠯ ᠠᠴᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯ ᠠᠵᠤ ᠠᠬᠤᠢ ᠶᠢᠨ ᠠᠵᠢᠯ ᠤᠨ ᠭᠤᠣᠯ | ᠳᠠᠶᠢᠨ ᠤ ᠲᠠᠯᠠᠪᠤᠷ ᠪᠣᠯᠤᠨ᠎ᠠ᠂ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ ᠪᠣᠯ ᠲᠦᠷᠦᠯ | ᠵᠦᠢᠯ ᠢ ᠬᠠᠤᠯᠢ ᠲᠣᠭᠲᠠᠭᠠᠯ ᠶᠣᠰᠣᠭᠠᠷ ᠠᠬᠢᠭᠤᠯᠬᠤ ᠶᠢ ᠪᠠᠲᠤᠯᠠᠬᠤ ᠦᠨᠳᠦᠰᠦᠨ ᠤᠷᠢᠲᠠᠯ ᠪᠣᠯᠤᠨ᠎ᠠ᠃ ᠡᠯ᠎ᠡ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠲᠣᠭᠲᠠᠭᠰᠠᠨ | ᠬᠠᠷᠠᠯᠲᠠ ᠡᠭᠦᠷᠭᠡ ᠶᠢᠨ ᠲᠣᠭᠤᠷᠢᠨ ᠳᠤ ᠥᠪᠡᠷ ᠤᠨ ᠪᠡᠶ᠎ᠡ ᠳᠡᠭᠡᠨ ᠳᠠᠷᠤᠯᠲᠠ ᠦᠵᠡᠭᠦᠯᠵᠦ᠂ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠭᠠᠷᠳᠠᠮ ᠭᠦᠢᠴᠡᠳᠬᠡᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ | ᠲᠦᠷᠦᠯ ᠵᠦᠢᠯ ᠤᠨ ᠡᠮᠬᠢ ᠳᠢᠭᠯᠢᠮ ᠲᠠᠢ ᠠᠵᠢᠯ ᠡᠬᠢᠯᠡᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠵᠦ | ᠵᠢᠭᠠᠵᠤ ᠭᠠᠷᠭᠠᠪᠠ᠃ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠪᠠᠷᠢᠯᠭ᠎ᠠ ᠶᠢᠨ ᠬᠤᠭᠤᠴᠠᠭ᠎ᠠ ᠶᠢ | ᠲᠣᠩᠭᠤᠷᠠᠭᠤᠯᠤᠨ ᠪᠠᠶᠢᠷᠢᠯᠠᠭᠤᠯᠵᠤ᠂ ᠡᠭᠡ ᠲᠠᠨᠭᠰᠠ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠬᠢᠵᠠᠭᠠᠷᠯᠠᠬᠤ | ᠴᠢᠨᠠᠷᠲᠠᠢ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠲᠦᠷᠦᠯ ᠵᠦᠢᠯ ᠢ ᠡᠷᠲᠡ | ᠡᠬᠢᠯᠡᠭᠦᠯᠬᠦ᠂ ᠡᠷᠲᠡ ᠪᠠᠶᠢᠭᠤᠯᠵᠤ ᠳᠠᠭᠤᠰᠬᠠᠬᠤ᠂ ᠡᠷᠲᠡ ᠠᠰᠢᠭᠯᠠᠯᠲᠠ ᠳᠤ ᠣᠷᠣᠭᠤᠯᠬᠤ ᠶᠢ ᠠᠬᠢᠭᠤᠯᠬᠤ ᠬᠡᠷᠡᠭᠲᠡᠢ᠃ | ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠭᠦᠨᠵᠡᠭᠡᠶ | ᠵᠠᠳᠠᠯᠤᠨ ᠰᠤᠳᠤᠯᠵᠤ᠂ ᠭᠠᠷᠳᠠᠮ ᠢ ᠭᠦᠶᠴᠡᠳᠬᠡᠬᠦ ᠡᠯ᠎ᠡ ᠭᠤᠭᠴᠤᠭ᠎ᠠ ᠳᠤ ᠣᠷᠣᠰᠢᠵᠤ ᠪᠠᠶᠢᠭ᠎ᠠ ᠠᠰᠠᠭᠤᠳᠠᠯ ᠪᠠ | ᠠᠬᠢᠴᠠ ᠶᠢ ᠣᠨᠣᠪᠴᠢᠲᠠᠶ ᠡᠵᠡᠮᠰᠢᠵᠦ᠂ ᠰᠠᠯᠠᠭ᠎ᠠ ᠮᠥᠴᠢᠷ ᠠᠯᠤᠰᠯᠠᠭᠰᠠᠨ᠂ ᠲᠠᠰ ᠳᠠᠪᠬᠤᠷᠭ᠎ᠠ ᠠᠯᠤᠰᠯᠠᠭᠰᠠᠨ | ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠢᠭᠡᠳᠦᠭᠡᠷ ᠤᠯᠠᠷᠢᠯ ᠤᠨ | ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ︽ᠰᠠᠶᠢᠨ ᠡᠬᠢᠯᠡᠯᠲᠡ ᠲᠠᠢ︾ ᠶᠢ ᠪᠡᠶᠡᠯᠡᠭᠦᠯᠬᠦ ᠶᠢ ᠦᠨᠡᠨᠬᠦ | ᠪᠠᠲᠤᠯᠠᠬᠤ ᠬᠡᠷᠡᠭᠲᠡᠶ᠃ | ᠬᠤᠷᠠᠯ ᠠᠴᠠ ᠪᠠᠰᠠ ᠤᠯᠠᠭᠠᠨᠬᠠᠳᠠ ᠶᠢᠨ ᠰᠢᠨ᠎ᠡ ᠮᠠᠲᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ | ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ ᠶᠢᠨ ᠪᠠᠶᠢᠳᠠᠯ᠂ ᠵᠢᠨᠱᠠᠨ ᠤ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠶᠢᠨ ᠥᠷᠭᠡᠳᠬᠡᠨ ᠪᠠᠶᠢᠭᠤᠯᠬᠤ ᠢᠨᠵᠧᠨᠧᠷᠢᠩ ᠤᠨ ᠠᠬᠢᠴᠠ ᠵᠡᠷᠭᠡ ᠶᠠᠪᠤᠳᠠᠯ ᠢ ᠰᠤᠳᠤᠯᠤᠭᠰᠠᠨ | ᠪᠥᠭᠡᠳ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | | | |