ᠮᠠ ᠠᠨ ᠱᠠᠨ ᠲᠣᠰᠬᠤᠨ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠵᠢᠷᠤᠭᠯᠠᠨ᠎ᠠ
ᠨᠡᠶᠢᠲᠡᠯᠡᠭᠰᠡᠨ ᠴᠠᠭ᠄
2022/2/16
ᠮᠠ ᠠᠨ ᠱᠠᠨ ᠲᠣᠰᠬᠤᠨ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠵᠢᠷᠤᠭᠯᠠᠨ᠎ᠠ    ᠮᠠ ᠠᠨ ᠱᠠᠨ ᠲᠣᠰᠬᠤᠨ 2017 ᠣᠨ ᠤ ᠵᠢᠯ ᠤᠨ ᠰᠡᠭᠦᠯᠴᠢ ᠪᠠᠷ ᠪᠦᠬᠦ ᠲᠣᠰᠬᠤᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠶᠠᠭᠠᠬᠢᠵᠤ ᠬᠢᠪᠡᠯ ᠵᠣᠬᠢᠬᠤ ᠶᠢ ᠲᠣᠰᠬᠤᠨ ᠤ ᠬᠢᠨ ᠴᠦ ᠰᠦᠪᠡᠭᠴᠢᠯᠡᠨ ᠰᠤᠳᠤᠯᠵᠤ ᠪᠠᠶᠢᠯ᠎ᠠ᠃ 2019 ᠣᠨ ᠤ 7 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠵᠤ᠂ ᠵᠠᠩ ᠭᠦᠸᠧ ᠯᠢ ᠶᠢᠨ ᠭᠡᠷ ᠲᠤ ᠬᠦᠷᠴᠦ᠂ ᠲᠡᠳᠡᠨ ᠤ ᠭᠡᠷ ᠤᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠪᠠᠶᠢᠴᠠᠭᠠᠨ ᠯᠠᠪᠯᠠᠨ ᠠᠰᠠᠭᠤᠪᠠ᠃ ᠲᠣᠰᠬᠤᠨ ᠳᠤ᠂ ᠶᠡᠷᠦᠩᠬᠡᠢ ᠱᠦᠵᠢ ᠤᠯᠠᠨ ᠳᠤ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠵᠤ᠂ ᠲᠣᠰᠬᠤᠨ ᠤ ᠪᠠᠶᠢᠳᠠᠯ ᠳᠤᠨᠢ ᠲᠤᠬᠢᠷᠠᠭᠤᠯᠤᠨ ᠲᠦᠷᠦ ᠶᠢᠨ ᠪᠤᠳᠤᠯᠭ᠎ᠠ ᠬᠡᠷᠡᠭᠵᠢᠭᠦᠯᠵᠦ᠂ ᠲᠠᠷᠢᠬᠤ ᠳᠤ ᠲᠣᠬᠢᠷᠠᠮᠵᠢᠲᠠᠢ ᠪᠣᠯ ᠲᠠᠷᠢᠵᠤ᠂ ᠲᠡᠵᠢᠭᠡᠬᠦ ᠳᠤ ᠲᠣᠬᠢᠷᠠᠮᠵᠢᠲᠠᠢ ᠪᠣᠯ ᠲᠡᠵᠢᠭᠡᠵᠦ᠂ ᠣᠶᠢᠵᠢᠭᠤᠯᠬᠤ ᠳᠤ ᠲᠣᠬᠢᠷᠠᠮᠵᠢᠲᠠᠢ ᠪᠣᠯ ᠤᠢ ᠰᠢᠭᠤᠢ ᠶᠢ ᠪᠠᠶᠢᠭᠤᠯᠵᠤ᠂ ᠠᠵᠤ ᠦᠢᠯᠡᠰ ᠤᠨ ᠬᠥᠭᠵᠢᠯᠲᠡ ᠶᠢ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠳᠡᠭᠡᠷ᠎ᠡ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠠᠬᠢᠪᠠ᠃    ᠮᠠ ᠠᠨ ᠱᠠᠨ ᠲᠣᠰᠬᠤᠨ ᠳᠤ ᠭᠤᠣᠯᠳᠠᠭᠤ ᠦᠵᠦᠮ ᠤᠨ ᠦᠢᠯᠡᠰ ᠪᠠ ᠵᠤᠭᠠᠴᠠᠯ ᠤᠨ ᠦᠢᠯᠡᠰ ᠢ ᠬᠥᠭᠵᠢᠭᠦᠯᠦᠨ᠎ᠡ᠃ ᠲᠤᠬᠠᠢ ᠶᠢᠨ ᠦᠶ᠎ᠡ ᠳᠤ᠂ ᠡᠨᠡ ᠬᠤᠶᠠᠷ ᠠᠵᠤ ᠦᠢᠯᠡᠰ ᠶᠠᠭ ᠬᠥᠭᠵᠢᠯᠲᠡ ᠶᠢᠨ ᠪᠣᠭᠤᠮᠢ ᠳᠤ ᠲᠤᠯᠭᠠᠷᠠᠵᠤ᠂ ᠦᠵᠦᠮ ᠲᠠᠷᠢᠬᠤ ᠬᠡᠪᠴᠢᠶ᠎ᠡ ᠪᠠᠭ᠎ᠠ᠂ ᠲᠦᠷᠦᠯ ᠵᠦᠢᠯ ᠲᠠᠩ ᠴᠤᠯᠭᠤᠢ᠂ ᠵᠤᠭᠠᠴᠠᠯ ᠤᠨ ᠦᠢᠯᠡᠰ ᠤᠨ ᠲᠥᠬᠦᠭᠡᠷᠦᠮᠵᠢ ᠨᠢ ᠬᠠᠭᠤᠴᠢᠷᠠᠵᠤ᠂ ᠵᠤᠭᠠᠴᠠᠭᠰᠠᠳ ᠢ ᠦᠯᠡᠳᠡᠭᠡᠵᠦ ᠳᠡᠶᠢᠯᠬᠦ ᠦᠭᠡᠢ ᠪᠠᠶᠢᠪᠠ᠃ ᠲᠣᠰᠬᠤᠨ ᠠᠴᠠ ᠲᠤᠰᠬᠠᠢ ᠮᠡᠷᠭᠡᠵᠢᠯᠲᠡᠨ ᠢ ᠤᠷᠢᠵᠤ ᠠᠰᠠᠭᠤᠳᠠᠯ ᠢ ᠨᠢᠭᠡᠳ ᠨᠢᠭᠡ ᠪᠠᠷ ᠡᠮᠬᠢᠯᠡᠵᠦ᠂ ᠡᠪᠡᠳᠴᠢᠨ ᠳᠤᠨᠢ ᠲᠠᠭᠠᠷᠠᠭᠤᠯᠵᠤ ᠡᠮ ᠥᠭᠴᠡᠢ᠃ ᠦᠵᠦᠮ ᠤᠨ ᠠᠵᠤ ᠦᠶᠯᠡᠰ ᠲᠤ ᠴᠢᠭᠯᠡᠭᠦᠯᠦᠨ᠂ ᠦᠵᠦᠮ ᠤᠨ ᠡᠭᠦᠯᠳᠡᠷ ᠢ ᠰᠠᠶᠢᠵᠢᠷᠠᠭᠤᠯᠵᠤ᠂ ᠬᠤᠷᠰᠢᠶ᠎ᠠ ᠪᠠᠶᠢᠭᠤᠯᠤᠨ᠂ ᠬᠥᠲᠥᠴᠢ ᠠᠵᠤ ᠠᠬᠤᠶᠢᠯᠠᠯ ᠲᠠᠢ ᠬᠤᠷᠰᠢᠨ ᠨᠠᠷᠢᠯᠢᠭ ᠡᠳ᠋ᠰᠢᠭᠦᠯᠵᠦ᠂ ᠦᠶᠯᠡᠳᠪᠦᠷᠢᠯᠡᠵᠦ ᠳᠠᠷᠢᠬᠤ ᠠᠴᠠ ᠦᠵᠦᠮ ᠤᠨ ᠠᠷᠢᠬᠢ ᠡᠳ᠋ᠰᠢᠭᠦᠯᠬᠦ ᠠᠵᠤ ᠦᠶᠯᠡᠰ ᠤᠨ ᠬᠡᠯᠬᠢᠶ᠎ᠡ ᠶᠢ ᠪᠣᠶ ᠪᠣᠯᠭᠠᠨ᠎ᠠ᠃ ᠵᠢᠭᠤᠯᠴᠢᠯᠠᠯ ᠤᠨ ᠦᠶᠯᠡᠰ ᠤᠨ ᠲᠣᠭᠤᠷᠢᠨ ᠳᠤ᠂ ᠵᠢᠭᠤᠯᠴᠢᠯᠠᠯ ᠤᠨ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ᠂ ᠠᠮᠢ ᠠᠬᠤᠶ ᠶᠢᠨ ᠵᠢᠭᠤᠯᠴᠢᠯᠠᠯ᠂ ᠠᠷᠠᠳ ᠤᠨ ᠵᠠᠩ ᠦᠶᠯᠡ ᠣᠶ ᠰᠢᠭᠤᠶ ᠶᠢᠨ ᠵᠢᠭᠤᠯᠴᠢᠯᠠᠯ ᠵᠡᠷᠭᠡ ᠰᠢᠷᠢᠰ ᠵᠢᠭᠤᠯᠴᠢᠯᠠᠯ ᠤᠨ ᠦᠶᠯᠡᠳᠬᠦᠨ ᠢ ᠨᠡᠭᠡᠭᠡᠨ ᠬᠥᠭᠵᠢᠭᠦᠯᠦᠨ᠎ᠡ᠃ ᠵᠠᠮ ᠢᠶᠠᠨ ᠣᠨᠣᠪᠴᠢᠲᠠᠢ ᠡᠷᠢᠵᠦ ᠣᠯᠤᠭᠰᠠᠨ ᠤ ᠳᠠᠷᠠᠭ᠎ᠠ᠂ ᠲᠣᠰᠬᠤᠨ ᠤ ᠠᠵᠤ ᠦᠢᠯᠡᠰ ᠤᠨ ᠬᠥᠭᠵᠢᠯᠲᠡ ᠲᠦᠷᠭᠡᠨ ᠵᠠᠮ ᠳᠤ ᠣᠷᠣᠵᠤ᠂ ᠨᠢᠳᠤᠨᠤᠨ ᠲᠣᠰᠬᠤᠨ ᠤ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 15640 ᠲᠥᠭᠦᠷᠢᠭ ᠲᠤ ᠬᠦᠷᠴᠦ᠂ ᠭᠤᠷᠪᠠᠨ ᠵᠢᠯ ᠤᠨ ᠡᠮᠦᠨᠡᠬᠢ ᠲᠠᠢ ᠬᠠᠷᠢᠴᠠᠭᠤᠯᠪᠠᠯ ᠬᠤᠶᠠᠷ ᠳᠠᠬᠢᠨ ᠢᠯᠡᠭᠦᠦ ᠳᠤ ᠬᠦᠷᠴᠡᠢ᠃    ᠠᠵᠤ ᠦᠢᠯᠡᠰ ᠬᠥᠭᠵᠢᠭᠰᠡᠨ ᠤ ᠳᠠᠷᠠᠭ᠎ᠠ᠂ ᠲᠣᠰᠬᠤᠨ ᠤ ᠬᠢᠨ ᠪᠠᠰᠠ ᠪᠣᠬᠢᠷ ᠤᠰᠤ ᠶᠢ ᠵᠠᠰᠠᠬᠤ᠂ ᠵᠣᠷᠯᠣᠩ ᠢ ᠥᠭᠡᠷᠡᠴᠢᠯᠡᠬᠦ ᠠᠵᠢᠯ ᠢ ᠭᠠᠷᠳᠠᠨ ᠬᠢᠵᠦ᠂ ᠪᠠᠰᠠ 100 ᠲᠦᠷᠦᠯ ᠬᠤᠪᠢᠶᠠᠭᠰᠠᠨ ᠬᠤᠭ ᠨᠣᠪᠰᠢ ᠶᠢᠨ ᠬᠠᠶᠢᠷᠴᠠᠭ ᠤᠭᠰᠠᠷᠠᠵᠤ᠂ ᠲᠣᠰᠬᠤᠨ ᠤ ᠠᠷᠠᠳ ᠢ ᠬᠤᠭ ᠨᠣᠪᠰᠢ ᠶᠢ ᠲᠦᠷᠦᠯ ᠬᠤᠪᠢᠶᠠᠬᠤ ᠰᠠᠶᠢᠨ ᠳᠠᠳᠬᠠᠯ ᠲᠠᠢ ᠪᠣᠯᠬᠤ ᠶᠢ ᠵᠣᠷᠢᠭᠵᠢᠭᠤᠯᠪᠠ᠃ ᠤᠳᠤ ᠶᠢᠨ ᠮᠠ ᠠᠨ ᠱᠠᠨ ᠲᠣᠰᠬᠤᠨ ᠴᠡᠪᠡᠷ ᠴᠡᠮᠴᠡᠭᠡᠷ ᠪᠠᠶᠢᠵᠤ᠂ ᠬᠥᠮᠦᠨ ᠪᠣᠯᠭᠠᠨ ᠬᠢᠬᠦ ᠠᠵᠢᠯ ᠲᠠᠢ᠂ ᠠᠶᠢᠯ ᠪᠣᠯᠭᠠᠨ ᠣᠷᠣᠯᠭ᠎ᠠ ᠲᠠᠢ᠃    ᠲᠣᠰᠬᠤᠨ ᠨᠢ ᠭᠤᠶᠤ ᠰᠠᠶᠢᠬᠠᠨ᠂ ᠬᠥᠮᠦᠨ ᠨᠢ ᠪᠠᠶᠠᠨ ᠴᠢᠨᠡᠭᠡᠯᠢᠭ᠂ ᠠᠵᠤ ᠦᠢᠯᠡᠰ ᠨᠢ ᠬᠥᠭᠵᠢᠯ ᠪᠠᠳᠠᠷᠠᠯ ᠲᠠᠢ ᠪᠠᠶᠢᠵᠤ᠂ ᠲᠣᠰᠬᠤᠨ ᠤ ᠠᠷᠠᠳ ᠤᠨ ᠡᠷᠴᠢ ᠵᠣᠷᠢᠭ ᠤᠯᠠᠮ ᠠᠴᠠ ᠤᠯᠠᠮ ᠪᠠᠳᠠᠷᠠᠵᠤ ᠪᠠᠶᠢᠨ᠎ᠠ᠃ ᠡᠨᠡ ᠵᠢᠯ ᠮᠠ ᠠᠨ ᠱᠠᠨ ᠲᠣᠰᠬᠤᠨ ᠳᠤ ᠤᠤᠯ ᠤᠨ ᠪᠠᠶᠢᠭᠰᠠᠨ ᠦᠵᠦᠮ ᠤᠨ ᠠᠷᠢᠬᠢᠨ ᠤ ᠬᠤᠶᠠᠷ ᠦᠢᠯᠡᠳᠪᠦᠷᠢ ᠶᠢᠨ ᠰᠠᠭᠤᠷᠢᠨ ᠳᠡᠭᠡᠷ᠎ᠡ ᠪᠠᠰᠠ ᠨᠢᠭᠡ ᠵᠢᠮᠢᠰ ᠤᠨ ᠰᠢᠭᠦᠰᠦ ᠪᠣᠯᠪᠠᠰᠤᠷᠠᠭᠤᠯᠬᠤ ᠦᠢᠯᠡᠳᠪᠦᠷᠢ ᠪᠠᠶᠢᠭᠤᠯᠬᠤ ᠪᠣᠯᠤᠨ᠎ᠠ᠃ ᠡᠭᠦᠨ ᠤ ᠬᠠᠮᠲᠤ᠂ ᠪᠥᠬᠦ ᠬᠤᠰᠢᠭᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠬᠤ ᠠᠵᠠ ᠲᠣᠬᠢᠶᠠᠯ ᠳᠤ ᠲᠦᠰᠢᠭᠯᠡᠨ᠂ ᠡᠷᠬᠢᠨ ᠲᠣᠭᠤᠷᠢᠨ ᠤ ᠬᠡᠳᠦᠨ ᠲᠣᠰᠬᠤᠨ ᠲᠠᠢ ᠬᠠᠮᠲᠤᠷᠠᠨ᠂ ᠵᠤᠭᠠᠴᠠᠨ ᠲᠣᠭᠤᠷᠢᠬᠤ᠂ ᠬᠤᠭᠤᠯᠠ ᠤᠮᠳᠠ ᠬᠤᠨᠤᠭ ᠪᠠᠭᠤᠳᠠᠯ᠂ ᠣᠶ ᠰᠢᠭᠤᠶ ᠶᠢᠨ ᠡᠷᠡᠭᠦᠯ ᠮᠡᠨᠳᠦ ᠰᠤᠪᠢᠯᠠᠯᠲᠠ᠂ ᠬᠤᠪᠢᠰᠬᠠᠯ ᠤᠨ ᠰᠤᠷᠭᠠᠨ ᠬᠥᠮᠦᠵᠢᠯ ᠢ ᠨᠢᠭᠡ ᠴᠤᠭᠴᠠᠵᠢᠭᠤᠯᠤᠭᠰᠠᠨ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠤᠨ᠎ᠠ᠃ ᠴᠢᠨᠡᠭᠡᠯᠢᠭ ᠠᠮᠢᠳᠤᠷᠠᠯ ᠳᠤ ᠤᠷᠤᠬᠰᠠᠨ ᠨᠤᠲᠤᠭ ᠤᠨ ᠠᠷᠠᠳ ᠲᠦᠮᠡᠨ ᠰᠢᠨ᠎ᠡ ᠭᠠᠷᠤᠭ᠎ᠠ ᠳᠡᠭᠡᠷ᠎ᠡ ᠠᠴᠠ ᠦᠷᠭᠦᠯᠵᠢᠯᠡᠨ ᠲᠡᠮᠡᠴᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠲᠦᠷᠭᠡᠨ ᠵᠢᠷᠤᠭᠯᠠᠵᠤ ᠪᠠᠶᠢᠨ᠎ᠠ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号