ᠶᠢᠨ ᠱᠠᠨ ᠪᠠᠯᠭᠠᠰᠤ᠄ ᠴᠠᠰᠤ ᠶᠢ ᠴᠡᠪᠡᠷᠯᠡᠵᠦ ᠠᠶᠠᠯᠠᠯ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2022/2/16
 ᠶᠢᠨ ᠱᠠᠨ ᠪᠠᠯᠭᠠᠰᠤ᠄ ᠴᠠᠰᠤ ᠶᠢ ᠴᠡᠪᠡᠷᠯᠡᠵᠦ ᠠᠶᠠᠯᠠᠯ ᠢ ᠬᠠᠮᠠᠭᠠᠯᠠᠨ᠎ᠠ    ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠤᠨ ᠪᠠᠶᠠᠷ ᠤᠨ ᠲᠠᠰᠢᠷᠠᠮ ᠢᠶᠠᠷ᠂ ᠨᠢᠭᠡ ᠤᠳᠠᠭᠠᠨ ᠤ ᠶᠡᠭᠡ ᠴᠠᠰᠤ ᠭᠡᠨᠡᠳᠲᠡ ᠣᠷᠣᠵᠤ᠂ ᠪᠠᠶᠠᠷ ᠳᠤᠷᠠᠰᠬᠠᠯ ᠤᠨ ᠡᠳᠦᠷ ᠲᠤ ᠣᠨᠴᠠᠭᠠᠶ ᠥᠩᠭᠡ ᠪᠤᠳᠤᠭ ᠠᠪᠴᠢᠷᠠᠭᠰᠠᠨ ᠪᠣᠯᠪᠠᠴᠤ ᠵᠠᠮ ᠬᠠᠷᠢᠯᠴᠠᠭᠠᠨ ᠤ ᠠᠶᠠᠨ ᠳᠤ ᠲᠦᠢᠯ ᠤᠨ ᠶᠡᠭᠡ ᠬᠡᠮ ᠰᠣᠭᠤᠭ ᠠᠪᠴᠢᠷᠠᠭᠰᠠᠨ ᠪᠠᠶᠢᠨ᠎ᠠ᠃ ᠵᠠᠮ ᠤᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠤᠯᠠᠨ ᠲᠦᠮᠡᠨ ᠤ ᠶᠠᠪᠤᠵᠤ ᠰᠠᠭᠤᠬᠤ ᠳᠤ ᠲᠦᠭᠦᠮ ᠪᠠᠶᠢᠬᠤ ᠶᠢ ᠪᠠᠲᠤᠯᠠᠬᠤ ᠶᠢᠨ ᠲᠥᠯᠥᠭᠡ᠂ ᠵᠢᠨᠱᠠᠨ ᠪᠠᠯᠭᠠᠰᠤ ᠶᠢᠨ ᠬᠢᠨ ᠴᠠᠰᠤ ᠪᠠᠷ ᠵᠠᠷᠯᠢᠭ ᠪᠣᠯᠭᠠᠵᠤ᠂ ᠦᠳᠲᠡᠷ ᠲᠦᠷᠭᠡᠨ ᠬᠥᠳᠡᠯᠦᠯᠴᠡᠵᠦ᠂ ᠴᠠᠰᠤ ᠶᠢ ᠴᠡᠪᠡᠷᠯᠡᠵᠦ ᠠᠶᠠᠨ ᠵᠠᠮ ᠢ ᠬᠠᠮᠠᠭᠠᠯᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠬᠠᠷᠢᠶ᠎ᠠ ᠣᠷᠣᠨ ᠤ ᠵᠠᠮ ᠤᠨ ᠰᠠᠭᠠᠳ ᠦᠭᠡᠢ ᠨᠡᠪᠲᠡᠷᠡᠬᠦ᠂ ᠠᠮᠤᠷ ᠲᠦᠪᠰᠢᠨ ᠪᠠᠶᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠪᠠ᠃    ᠰᠢᠷᠣᠶ ᠲᠦᠯᠬᠢᠬᠦ ᠮᠠᠰᠢᠨ᠂ ᠲᠠᠷᠢᠶᠠᠯᠠᠩ ᠳᠤ ᠬᠡᠷᠡᠭᠯᠡᠬᠦ ᠲᠡᠷᠭᠡ ᠵᠡᠷᠭᠡ ᠮᠠᠰᠢᠨ ᠮᠧᠬᠠᠨᠢᠭ ᠢ ᠵᠠᠮ ᠳᠤ ᠭᠠᠷᠭᠠᠵᠤ  ᠴᠡᠪᠡᠷᠯᠡᠵᠦ᠂ ᠴᠠᠰᠤ ᠠᠷᠢᠯᠭᠠᠵᠤ ᠮᠥᠰᠥ ᠬᠠᠶᠢᠯᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠡᠭᠦᠨ ᠤ ᠵᠡᠷᠭᠡᠪᠡᠷ᠂ ᠡᠯ᠎ᠡ ᠲᠣᠰᠬᠤᠨ ᠤ ᠬᠢᠨ ᠨᠠᠮ ᠤᠨ ᠭᠡᠰᠢᠭᠦᠨ ᠺᠠᠳ᠋ᠷ ᠢᠶᠠᠷ ᠬᠤᠰᠢᠭᠤᠴᠢ ᠪᠣᠯᠭᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠶᠢᠨ ᠰᠠᠶᠢᠨ ᠳᠤᠷ᠎ᠠ ᠶᠢᠨ ᠠᠵᠢᠯᠯᠠᠭᠴᠢ ᠶᠢᠨ ᠬᠦᠴᠦᠨ ᠢ ᠭᠦᠢᠴᠡᠳ ᠪᠠᠳᠠᠷᠠᠭᠤᠯᠵᠤ᠂ ᠴᠠᠰᠤ ᠠᠷᠢᠯᠭᠠᠬᠤ ᠬᠠᠯᠠᠭᠤᠨ ᠥᠷᠨᠢᠯᠲᠡ ᠶᠢ ᠪᠦᠬᠦ ᠲᠠᠯ᠎ᠠ ᠪᠠᠷ ᠥᠷᠨᠢᠭᠦᠯᠵᠡᠢ᠃ ᠵᠡᠭᠡᠯᠢ ᠭᠤᠳᠤᠮᠵᠢ᠂ ᠨᠠᠮ ᠪᠠ ᠣᠯᠠᠨ ᠲᠦᠮᠡᠨ ᠤ ᠦᠶᠯᠡᠴᠢᠯᠡᠭᠡᠨ ᠤ ᠲᠥᠪ᠂ ᠭᠤᠸ᠋ᠯ ᠵᠠᠮ ᠤᠨ ᠠᠭᠤᠯᠵᠠᠷ ᠲᠤ ᠣᠯᠠᠨ ᠢᠶᠠᠷ ᠢᠶᠠᠨ ᠡᠷᠴᠢ ᠵᠣᠷᠢᠭ ᠢᠶᠠᠨ ᠬᠥᠪᠴᠢᠯᠡᠨ᠂ ᠲᠡᠮᠦᠷ ᠬᠦᠷᠵᠡ ᠬᠤᠷᠦ᠋ᠢᠯᠠᠵᠤ᠂ ᠬᠤᠷᠠᠭᠰᠠᠨ ᠴᠠᠰᠤ ᠶᠢ ᠲᠦᠷᠭᠡᠨ ᠴᠡᠪᠡᠷᠯᠡᠵᠦ᠂ ᠴᠠᠰᠤ ᠴᠠᠭᠠᠨ ᠳᠤᠮᠳᠠ ᠣᠯᠠᠨ ᠲᠦᠮᠡᠨ ᠳᠤ ᠠᠮᠤᠷ ᠲᠦᠪᠰᠢᠨ ᠤ ᠵᠠᠮ ᠨᠡᠭᠡᠭᠡᠨ ᠥᠭᠴᠦ᠂ ᠣᠯᠠᠨ ᠲᠦᠮᠡᠨ ᠤ ᠪᠠᠶᠠᠷ ᠤᠨ ᠡᠳᠦᠷ ᠤᠨ ᠠᠮᠤᠷ ᠲᠦᠪᠰᠢᠨ ᠢᠶᠠᠷ ᠶᠠᠪᠤᠵᠤ ᠰᠠᠭᠤᠬᠤ ᠪᠠ ᠲᠡᠷᠭᠡ ᠵᠢᠯᠣᠭᠤᠳᠬᠤ ᠶᠢᠨ ᠠᠮᠤᠷ ᠲᠦᠪᠰᠢᠨ ᠢ ᠪᠦᠲᠦᠮᠵᠢᠲᠡᠶ ᠪᠠᠲᠤᠯᠠᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠡᠯ᠎ᠡ ᠲᠣᠰᠬᠤᠨ ᠤ ᠬᠢᠨ ︽ᠰᠦᠯᠵᠢᠶᠡᠨ ᠳᠡᠭᠡᠷ᠎ᠡ  + ᠰᠦᠯᠵᠢᠶᠡᠨ ᠠᠴᠠ ᠭᠠᠳᠠᠨ᠎ᠠ  ︾ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠠᠮᠤᠷ ᠲᠦᠪᠰᠢᠨ ᠢᠶᠠᠷ ᠶᠠᠪᠤᠵᠤ ᠰᠠᠭᠤᠬᠤ ᠬᠠᠮᠢᠶ᠎ᠠ ᠪᠥᠬᠦᠶ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠣᠯᠠᠨ ᠲᠦᠮᠡᠨ ᠢ ᠴᠠᠰᠤ ᠣᠷᠣᠵᠤ ᠳᠤᠯᠠᠭᠠᠨ ᠪᠠᠭᠤᠷᠠᠭᠰᠠᠨ ᠠᠴᠠ ᠪᠣᠯᠵᠣ ᠡᠭᠦᠰᠴᠦ ᠮᠡᠳᠡᠬᠦ ᠭᠠᠶ ᠭᠠᠮᠰᠢᠭ ᠢ ᠢᠳᠡᠪᠬᠢᠲᠡᠶ ᠪᠠᠷ ᠠᠷᠭᠠᠴᠠᠬᠤ ᠶᠢ ᠤᠷᠢᠶᠠᠯᠠᠨ᠂ ᠥᠷᠭᠡᠨ ᠣᠯᠠᠨ ᠲᠦᠮᠡᠨ ᠳᠤ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠬᠦᠢᠲᠡᠨ ᠢ ᠰᠡᠷᠭᠡᠶᠢᠯᠡᠨ ᠳᠤᠯᠠᠭᠠᠨ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠦᠶᠯᠡᠳᠪᠦᠷᠢᠯᠡᠯ ᠤᠨ ᠠᠵᠢᠯᠯᠠᠭ᠎ᠠ ᠪᠠ ᠶᠠᠪᠤᠵᠤ ᠰᠠᠭᠤᠬᠤ ᠲᠥᠯᠥᠪᠯᠡᠭᠡ ᠪᠠᠨ ᠵᠦᠶ ᠵᠣᠬᠢᠰᠲᠠᠶ ᠲᠣᠬᠢᠷᠠᠭᠤᠯᠬᠤ ᠶᠢ ᠰᠠᠨᠠᠭᠤᠯᠵᠤ ᠪᠠᠶᠢᠨ᠎ᠠ᠃    ᠲᠣᠰ ᠤᠳᠠᠭᠠᠨ ᠤ ᠴᠠᠰᠤ ᠠᠷᠢᠯᠭᠠᠬᠤ ᠠᠵᠢᠯᠯᠠᠭ᠎ᠠ ᠨᠢ ᠬᠤᠷᠠᠭᠰᠠᠨ ᠴᠠᠰᠤ ᠶᠢ ᠴᠡᠪᠡᠷᠯᠡᠬᠦ ᠪᠠᠷ ᠪᠠᠷᠠᠬᠤ ᠥᠬᠡᠶ᠂ ᠨᠠᠩ ᠴᠤ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠪᠠᠶᠢᠩᠭᠤᠵᠢᠭᠤᠯᠤᠭᠰᠠᠨ ᠤ ᠴᠢᠬᠤᠯᠠ ᠢᠯᠡᠷᠡᠯ ᠮᠥᠨ᠂ ᠵᠢᠨᠱᠠᠨ ᠪᠠᠯᠭᠠᠰᠤᠨ ᠤ ᠨᠠᠮ ᠤᠨ ᠭᠡᠰᠢᠭᠦᠨ ᠺᠠᠳ᠋ᠷ᠂ ᠰᠠᠶᠢᠨ ᠳᠤᠷ᠎ᠠ ᠶᠢᠨ ᠦᠶᠯᠡᠴᠢᠯᠡᠭᠴᠢᠳ ᠪᠣᠳᠠᠲᠤ ᠠᠵᠢᠯᠯᠠᠭ᠎ᠠ ᠪᠠᠷ ᠢᠶᠠᠨ ᠣᠯᠠᠨ ᠲᠦᠮᠡᠨ ᠳᠤ ᠠᠮᠤᠷ ᠲᠦᠪᠰᠢᠨ᠂ ᠥᠯᠵᠡᠶ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠵᠤ ᠥᠭᠭᠦᠭᠰᠡᠨ ᠪᠠᠶᠢᠨ᠎ᠠ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号