ᠬᠢᠩᠭᠠᠨ ᠠᠶᠢᠮᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠮᠠᠨ ᠤ ᠬᠤᠰᠢᠭᠤᠨ ᠳᠤ ᠬᠦᠷᠴᠦ ᠰᠢᠨᠵᠢᠯᠡᠨ ᠪᠠᠶᠢᠴᠠᠭᠠᠵᠤ ᠰᠤᠷᠤᠯᠴᠠᠪᠠ
ᠨᠡᠶᠢᠲᠡᠯᠡᠭᠰᠡᠨ ᠴᠠᠭ᠄
2022/2/16
ᠬᠢᠩᠭᠠᠨ ᠠᠶᠢᠮᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠮᠠᠨ ᠤ ᠬᠤᠰᠢᠭᠤᠨ ᠳᠤ ᠬᠦᠷᠴᠦ ᠰᠢᠨᠵᠢᠯᠡᠨ ᠪᠠᠶᠢᠴᠠᠭᠠᠵᠤ ᠰᠤᠷᠤᠯᠴᠠᠪᠠ    2 ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠬᠢᠩᠭᠠᠨ ᠠᠶᠢᠮᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠤᠨ 12 ᠬᠥᠮᠦᠨ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠰᠢᠤᠢ ᠪᠦ᠋ᠦ ᠴᠢᠤᠸᠠᠨ ᠤ ᠳᠠᠭᠠᠭᠤᠯᠭ᠎ᠠ ᠪᠠᠷ ᠮᠠᠨ ᠤ ᠬᠤᠰᠢᠭᠤᠨ ᠳᠤ ᠬᠦᠷᠴᠦ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠶᠯᠡᠰ ᠤᠨ ᠬᠥᠭᠵᠢᠯᠲᠡ ᠶᠢᠨ ᠪᠠᠶᠢᠳᠠᠯ ᠢ ᠲᠣᠭᠤᠷᠢᠨ ᠦᠵᠡᠵᠦ ᠰᠢᠨᠵᠢᠯᠡᠨ ᠪᠠᠶᠢᠴᠠᠭᠠᠪᠠ᠃

   ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ᠂ ᠠᠯᠪᠠᠨ ᠬᠡᠷ ᠤᠨ ᠡᠷᠬᠢᠯᠡᠭᠴᠢ ᠯᠦ

ᠯᠢᠶᠠᠨ ᠭᠦᠸᠧ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ ᠴᠢᠩ ᠯᠦᠩ᠂

ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠹᠠᠩ ᠷᠦᠢ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ

ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠶᠠᠩ ᠸᠧᠨ ᠳ᠋ᠦᠩ᠂

ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠪᠢᠴᠢᠭᠲᠦ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃

   ᠰᠢᠨᠵᠢᠯᠡᠨ ᠪᠠᠶᠢᠴᠠᠭᠠᠬᠤ ᠶᠠᠪᠤᠴᠠ ᠳᠤ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠤᠷᠢᠳ ᠬᠤᠵᠢᠳ

ᠤᠯᠠᠭᠠᠨᠬᠠᠳᠠ ᠬᠤᠳᠠ ᠶᠢᠨ ᠴᠢ ᠢ ᠮᠠᠰᠢᠨ ᠮᠧᠬᠠᠨᠢᠭ ᠤᠨ ᠬᠢᠵᠠᠭᠠᠷᠲᠤ ᠺᠣᠮᠫᠠᠨᠢ᠂ ᠬᠠᠷᠠᠴᠢᠨ ᠬᠤᠰᠢᠭᠤᠨ ᠤ ᠬᠤᠤ

ᠲᠦᠩ ᠲᠠᠷᠢᠮᠠᠯ ᠤᠨ ᠲᠤᠰᠬᠠᠢ ᠬᠤᠷᠰᠢᠶ᠎ᠠ᠂ ᠤᠯᠠᠭᠠᠨᠬᠠᠳᠠ ᠶᠢᠨ ᠷᠦᠩ ᠰᠢᠩ ᠲᠠᠩ ᠡᠮ ᠤᠨ ᠦᠢᠯᠡᠰ ᠤᠨ

ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠨᠢᠦ ᠵᠢᠶᠠ  ᠢᠩᠽᠢ ᠶᠢᠨ ᠬᠢᠲᠠᠳ ᠮᠣᠩᠭᠤᠯ ᠤᠨ ᠡᠮ ᠤᠨ

ᠮᠠᠲ᠋ᠧᠷᠢᠶᠠᠯ ᠤᠨ ᠠᠵᠤ ᠦᠢᠯᠡᠰ ᠤᠨ ᠦᠵᠡᠭᠦᠯᠦᠯᠭᠡ ᠶᠢᠨ ᠣᠷᠳᠣᠨ ᠳᠤ ᠭᠦᠨᠵᠡᠭᠡᠶᠢᠷᠡᠨ ᠲᠣᠭᠤᠷᠢᠨ ᠦᠵᠡᠪᠡ᠃

   ᠬᠦᠷᠦᠭᠰᠡᠨ ᠭᠠᠵᠠᠷ ᠪᠣᠯᠭᠠᠨ ᠳᠤ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠴᠥᠮ ᠠᠵᠤ ᠠᠬᠤᠶᠢᠯᠠᠯ ᠤᠨ

ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠨᠢᠭᠤᠷᠲᠠᠨ ᠶᠠᠷᠢᠯᠴᠠᠵᠤ᠂ ᠮᠠᠨ ᠤ ᠬᠤᠰᠢᠭᠤᠨ ᠤ ᠬᠢᠲᠠᠳ ᠮᠣᠩᠭᠤᠯ

ᠡᠮ ᠤᠨ ᠮᠠᠲ᠋ᠧᠷᠢᠶᠠᠯ ᠤᠨ ᠠᠵᠤ ᠦᠶᠯᠡᠰ ᠤᠨ ᠬᠥᠭᠵᠢᠯᠲᠡ ᠶᠢᠨ ᠳᠠᠪᠠᠭᠤᠯᠢᠭ ᠵᠢᠴᠢ ᠣᠨᠴᠠᠯᠢᠭ ᠢ ᠨᠠᠷᠢᠨ

ᠣᠶᠢᠯᠠᠭᠠᠵᠤ᠂ ᠮᠠᠨ ᠤ ᠬᠤᠰᠢᠭᠤᠨ ᠤ ᠬᠢᠲᠠᠳ ᠮᠣᠩᠭᠤᠯ ᠡᠮ ᠤᠨ ᠠᠵᠤ ᠠᠬᠤᠶᠢᠯᠠᠯ ᠤᠨ ᠬᠢᠲᠠᠳ ᠮᠣᠩᠭᠤᠯ

ᠡᠮ ᠤᠨ ᠮᠠᠲ᠋ᠧᠷᠢᠶᠠᠯ ᠳᠠᠷᠢᠬᠤ᠂ ᠮᠧᠬᠠᠨᠢᠭ ᠢᠶᠠᠷ ᠠᠵᠢᠯᠯᠠᠬᠤ᠂ ᠬᠤᠷᠰᠢᠨ ᠡᠵᠡᠩᠨᠡᠬᠦ ᠣᠶᠢᠯᠠᠭᠠᠭᠳᠠᠬᠤᠨ᠂

ᠦᠶᠯᠡᠳᠪᠦᠷᠢᠯᠡᠵᠦ ᠡᠳ᠋ᠰᠢᠭᠦᠯᠦᠨ ᠪᠣᠷᠣᠯᠠᠭᠤᠯᠬᠤ ᠵᠡᠷᠭᠡ ᠲᠠᠯ᠎ᠠ ᠶᠢᠨ ᠪᠠᠶᠢᠳᠠᠯ ᠤᠨ ᠲᠤᠬᠠᠶ ᠲᠠᠨᠢᠯᠴᠠᠭᠤᠯᠭ᠎ᠠ ᠶᠢ ᠨᠠᠷᠢᠨ

ᠬᠢᠨᠠᠮᠠᠭᠠᠶ ᠰᠣᠨᠣᠰᠴᠤ᠂ ᠮᠠᠨ ᠤ ᠬᠤᠰᠢᠭᠤᠨ ᠤ ᠬᠢᠲᠠᠳ ᠮᠣᠩᠭᠤᠯ ᠡᠮ ᠤᠨ ᠠᠵᠤ ᠦᠶᠯᠡᠰ ᠤᠨ ᠬᠥᠭᠵᠢᠯᠲᠡ ᠶᠢ

ᠠᠬᠢᠭᠤᠯᠬᠤ ᠶᠠᠪᠤᠴᠠ ᠳᠤ ᠪᠣᠶ ᠪᠣᠯᠤᠭᠰᠠᠨ ᠰᠠᠶᠢᠨ ᠲᠤᠷᠰᠢᠯᠭ᠎ᠠ᠂ ᠰᠠᠶᠢᠨ ᠠᠷᠭ᠎ᠠ ᠶᠢ ᠭᠦᠨᠵᠡᠭᠡᠶ ᠣᠶᠢᠯᠠᠭᠠᠨ᠎ᠠ᠃

   ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ ᠰᠢᠨᠵᠢᠯᠡᠨ ᠪᠠᠶᠢᠴᠠᠭᠠᠬᠤ

ᠪᠦᠯᠬᠦᠮ ᠤᠨ ᠬᠢᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠭᠰᠡᠨ ᠤᠳᠤᠷᠢᠳᠤᠯᠭ᠎ᠠ ᠪᠣᠯᠤᠨ ᠬᠤᠯᠪᠣᠭᠳᠠᠯ ᠪᠥᠬᠦᠶ

ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠬᠤᠶᠠᠷ ᠭᠠᠵᠠᠷ ᠤᠨ ᠬᠢᠲᠠᠳ ᠮᠣᠩᠭᠤᠯ ᠡᠮ ᠤᠨ

ᠮᠠᠲ᠋ᠧᠷᠢᠶᠠᠯ ᠤᠨ ᠠᠵᠤ ᠦᠶᠯᠡᠰ ᠤᠨ ᠬᠥᠭᠵᠢᠯᠲᠡ ᠶᠢᠨ ᠪᠠᠶᠢᠳᠠᠯ ᠤᠨ ᠲᠤᠬᠠᠶ ᠶᠠᠷᠢᠯᠴᠠᠨ ᠰᠣᠯᠢᠯᠴᠠᠵᠤ᠂ ᠬᠢᠲᠠᠳ

ᠮᠣᠩᠭᠤᠯ ᠡᠮ ᠤᠨ ᠮᠠᠲ᠋ᠧᠷᠢᠶᠠᠯ ᠤᠨ ᠠᠵᠤ ᠦᠶᠯᠡᠰ ᠤᠨ ᠬᠥᠭᠵᠢᠯᠲᠡ ᠶᠢᠨ ᠬᠡᠲᠦ ᠶᠢᠨ ᠲᠥᠯᠥᠪ᠂ ᠡᠵᠡᠩᠨᠡᠯᠲᠡ

ᠬᠠᠮᠢᠶᠠᠷᠤᠯᠲᠠ ᠶᠢᠨ ᠵᠠᠭᠪᠤᠷ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠵᠡᠷᠭᠡ ᠪᠠᠶᠢᠳᠠᠯ ᠤᠨ ᠲᠤᠬᠠᠶ ᠭᠦᠨᠵᠡᠭᠡᠶ

ᠰᠤᠳᠤᠯᠤᠨ ᠶᠠᠷᠢᠯᠴᠠᠪᠠ᠃

   ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠶᠠᠷᠢᠯᠴᠠᠬᠤ ᠬᠤᠷᠠᠯ ᠳᠡᠭᠡᠷ᠎ᠡ ᠢᠯᠡᠷᠬᠡᠶᠢᠯᠡᠭᠰᠡᠨ ᠨᠢ᠂

ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠡᠷᠡᠭᠦᠯ ᠪᠥᠭᠡᠳ ᠦᠷᠭᠦᠯᠵᠢᠯᠡᠨ ᠬᠥᠭᠵᠢᠬᠦ ᠶᠢ

ᠠᠬᠢᠭᠤᠯᠬᠤ ᠶᠢᠨ ᠲᠥᠯᠥᠭᠡ᠂ ᠬᠠᠷᠠᠴᠢᠨ ᠬᠤᠰᠢᠭᠤ ᠪᠠᠷᠢᠮᠵᠢᠶᠠᠵᠢᠭᠤᠯᠤᠭᠰᠠᠨ ᠲᠠᠷᠢᠮᠠᠯ ᠤᠨ ᠰᠠᠭᠤᠷᠢᠨ ᠭᠠᠵᠠᠷ ᠢ

ᠢᠳᠡᠪᠬᠢᠲᠡᠶ ᠡᠭᠦᠳᠦᠨ ᠪᠠᠶᠢᠭᠤᠯᠵᠤ᠂ ᠲᠠᠷᠢᠮᠠᠯ ᠤᠨ ᠬᠢᠷᠢ ᠬᠡᠮᠵᠢᠶ᠎ᠡ ᠪᠠᠨ ᠴᠢᠷᠮᠠᠶᠢᠨ ᠳᠡᠭᠡᠭᠰᠢᠯᠡᠭᠦᠯᠵᠦ᠂ ᠬᠢᠲᠠᠳ

ᠮᠣᠩᠭᠤᠯ ᠡᠮ ᠤᠨ ᠮᠠᠲ᠋ᠧᠷᠢᠶᠠᠯ ᠢ ᠨᠠᠷᠢᠯᠢᠭ ᠪᠣᠯᠪᠠᠰᠤᠷᠠᠭᠤᠯᠬᠤ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠦᠨ᠂

ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠶᠯᠡᠰ ᠤᠨ ᠶᠡᠷᠦᠩᠬᠡᠶᠢᠯᠡᠭᠰᠡᠨ ᠠᠰᠢᠭ ᠣᠷᠣᠯᠭ᠎ᠠ ᠶᠢ

ᠬᠦᠴᠦᠯᠡᠨ ᠳᠡᠭᠡᠭᠰᠢᠯᠡᠭᠦᠯᠵᠦ᠂ ᠲᠤᠰᠬᠠᠶ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢᠨ ᠡᠷᠴᠢᠮ ᠢᠶᠠᠨ ᠲᠠᠰᠤᠷᠠᠯᠲᠠ

ᠥᠬᠡᠶ ᠴᠢᠩᠭᠠᠷᠠᠭᠤᠯᠵᠤ᠂ ᠬᠥᠲᠥᠴᠢ ᠠᠵᠤ ᠠᠬᠤᠶᠢᠯᠠᠯ ᠢ ᠶᠡᠬᠡᠪᠡᠷ ᠪᠤᠶᠢᠵᠢᠭᠤᠯᠤᠨ᠂ ᠬᠢᠲᠠᠳ ᠮᠣᠩᠭᠤᠯ ᠡᠮ ᠤᠨ

ᠮᠠᠲ᠋ᠧᠷᠢᠶᠠᠯ ᠤᠨ ᠭᠦᠶᠯᠭᠡᠭᠡᠨ ᠤ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠤ ᠦᠶᠯᠡᠰ ᠤᠨ

ᠣᠷᠣᠨ ᠪᠦᠰᠡ ᠶᠢᠨ ᠬᠥᠭᠵᠢᠯᠲᠡ ᠶᠢᠨ ᠥᠷᠢᠰᠦᠯᠳᠦᠬᠦ ᠬᠦᠴᠦᠨ ᠢ ᠴᠢᠩᠭᠠᠷᠠᠭᠤᠯᠤᠨ᠎ᠠ᠃

   ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠮᠠᠨ ᠤ ᠬᠤᠰᠢᠭᠤᠨ ᠤ ᠬᠢᠲᠠᠳ ᠮᠣᠩᠭᠤᠯ ᠡᠮ ᠤᠨ

ᠮᠠᠲ᠋ᠧᠷᠢᠶᠠᠯ ᠤᠨ ᠠᠵᠤ ᠦᠶᠯᠡᠰ ᠤᠨ ᠣᠷᠣᠨ ᠪᠠᠶᠢᠷᠢ ᠶᠢᠨ ᠳᠠᠪᠠᠭᠤᠯᠢᠭ᠂ ᠳᠠᠷᠢᠬᠤ ᠣᠷᠴᠢᠨ ᠲᠣᠭᠤᠷᠢᠨ᠂ ᠲᠡᠤᠬᠡᠨ

ᠲᠤᠷᠰᠢᠯᠭ᠎ᠠ᠂ ᠡᠮ ᠤᠨ ᠮᠠᠲ᠋ᠧᠷᠢᠶᠠᠯ ᠤᠨ ᠴᠢᠨᠠᠷ ᠴᠢᠨᠰᠠᠭ᠎ᠠ᠂ ᠦᠶᠯᠡᠳᠪᠦᠷᠢᠯᠡᠯ ᠤᠨ ᠵᠠᠭᠪᠤᠷ ᠵᠡᠷᠭᠡ ᠶᠢ ᠭᠦᠶᠴᠡᠳ

ᠨᠤᠲᠠᠯᠠᠵᠠᠶ᠃ ᠲᠡᠷᠡᠴᠢᠯᠡᠨ ᠳᠠᠷᠠᠭᠠᠴᠢ ᠶᠢᠨ ᠠᠯᠬᠤᠮ ᠤᠨ ᠠᠵᠢᠯ ᠤᠨ ᠳᠤᠮᠳᠠ ᠪᠠᠨ᠂ ᠰᠢ ᠶᠢᠨ ᠫᠢᠩ ᠶᠡᠷᠦᠩᠬᠡᠶ

ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ

ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠡᠷᠴᠢ ᠵᠣᠷᠢᠭ ᠢᠶᠠᠨ ᠬᠥᠪᠴᠢᠯᠡᠵᠦ᠂ ᠰᠢᠨᠵᠢᠯᠡᠨ

ᠪᠠᠶᠢᠴᠠᠭᠠᠭᠰᠠᠨ ᠦᠷ᠎ᠡ ᠪᠦᠲᠦᠭᠡᠯ ᠢᠶᠠᠨ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠲᠣᠰ

ᠪᠡᠶ᠎ᠡ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠵᠥᠷᠢᠶ᠎ᠡ ᠪᠠᠨ ᠣᠨᠣᠪᠴᠢᠲᠠᠶ ᠡᠷᠢᠵᠦ᠂ ᠰᠡᠳᠬᠢᠴᠡ ᠪᠠᠨ

ᠲᠣᠳᠣᠷᠬᠠᠶ ᠪᠣᠯᠭᠠᠵᠤ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂

ᠲᠤᠬᠠᠶ ᠶᠢᠨ ᠭᠠᠵᠠᠷ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠴᠢᠷᠮᠠᠶᠢᠨ ᠠᠬᠢᠭᠤᠯᠬᠤ ᠶᠢᠨ ᠬᠠᠮᠲᠤ᠂

ᠬᠤᠶᠠᠷ ᠲᠠᠯ᠎ᠠ ᠪᠠᠷ ᠢᠶᠠᠨ ᠳᠤᠮᠳᠠᠳᠤ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠶᠯᠡᠰ ᠤᠨ ᠬᠥᠭᠵᠢᠯᠲᠡ ᠶᠢᠨ

ᠬᠠᠮᠲᠤᠷᠠᠯᠴᠠᠭᠠᠨ ᠤ ᠲᠠᠯ᠎ᠠ ᠪᠠᠷ ᠨᠠᠩ ᠣᠯᠠᠨ ᠨᠡᠶᠢᠯᠡᠯ ᠴᠡᠭ ᠣᠯᠵᠤ᠂ ᠤᠨᠴᠠᠯᠢᠬᠳᠤ ᠠᠵᠤ ᠦᠶᠯᠡᠰ ᠤᠨ ᠨᠠᠩ

ᠥᠨᠳᠥᠷ ᠲᠠᠰ ᠳᠠᠪᠬᠤᠷᠭ᠎ᠠ᠂ ᠨᠠᠩ ᠥᠨᠳᠥᠷ ᠲᠦᠪᠰᠢᠨ ᠳᠠᠰᠢ ᠬᠥᠭᠵᠢᠬᠦ ᠶᠢ ᠭᠠᠷ ᠬᠤᠯᠪᠣᠨ ᠠᠬᠢᠭᠤᠯᠬᠤ ᠶᠢ

ᠬᠦᠰᠡᠵᠦ ᠪᠠᠶᠢᠨ᠎ᠠ ᠭᠡᠵᠡᠶ᠃

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号