ᠬᠤᠰᠢᠭᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ︵ᠥᠷᠭᠡᠳᠬᠡᠭᠰᠡᠨ︶ 2022 ᠣᠨ ᠤ ᠴᠠᠭᠠᠨ ᠰᠠᠷ᠎ᠠ ᠶᠢᠨ ᠨᠣᠮ ᠤᠩᠰᠢᠬᠤ ᠠᠩᠭᠢ ᠶᠢ ᠦᠷᠭᠦᠯᠵᠢᠯᠡᠨ ᠡᠷᠭᠢᠯᠡᠪᠡ
ᠨᠡᠶᠢᠲᠡᠯᠡᠭᠰᠡᠨ ᠴᠠᠭ᠄
2022/2/16
ᠬᠤᠰᠢᠭᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ︵ᠥᠷᠭᠡᠳᠬᠡᠭᠰᠡᠨ︶ 2022 ᠣᠨ ᠤ ᠴᠠᠭᠠᠨ ᠰᠠᠷ᠎ᠠ ᠶᠢᠨ ᠨᠣᠮ ᠤᠩᠰᠢᠬᠤ ᠠᠩᠭᠢ ᠶᠢ ᠦᠷᠭᠦᠯᠵᠢᠯᠡᠨ ᠡᠷᠭᠢᠯᠡᠪᠡ    2 ᠰᠠᠷ᠎ᠠ ᠶᠢᠨ 10 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ 2022 ᠣᠨ ᠤ ᠴᠠᠭᠠᠨ ᠰᠠᠷ᠎ᠠ ᠶᠢᠨ ᠨᠣᠮ ᠤᠩᠰᠢᠬᠤ ᠠᠩᠭᠢ ᠳᠤ ᠬᠤᠶᠠᠳᠠᠬᠢ ᠡᠳᠦᠷ ᠤᠨ ᠬᠢᠴᠢᠶᠡᠯ ᠤᠨ ᠰᠤᠷᠤᠯᠴᠠᠯᠭ᠎ᠠ ᠶᠢ ᠦᠷᠭᠦᠯᠵᠢᠯᠡᠨ ᠥᠷᠨᠢᠭᠦᠯᠪᠡ᠃ ᠬᠡᠷ ᠲᠡᠭᠡᠨ ᠪᠠᠶᠢᠭ᠎ᠠ ᠬᠤᠰᠢᠭᠤᠨ ᠤ ᠲᠠᠰ ᠤᠨ ᠤᠳᠤᠷᠢᠳᠤᠯᠭ᠎ᠠ᠂ ᠪᠥᠬᠦ ᠬᠤᠰᠢᠭᠤᠨ ᠤ ᠳᠡᠳ᠋ ᠰᠠᠯᠠᠭᠠᠨ ᠤ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷ ᠵᠢᠴᠢ ᠳᠤᠮᠳᠠ ᠲᠣᠭᠤᠷᠢᠭ ᠬᠤᠲᠠ ᠶᠢᠨ ᠰᠢᠭᠤᠳ ᠰᠠᠭᠤᠭ᠎ᠠ ᠬᠤᠰᠢᠭᠤᠨ ᠤ ᠡᠯ᠎ᠡ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠬᠡᠰᠡᠭ ᠵᠠᠰᠠᠭ ᠵᠠᠬᠢᠷᠭᠠᠨ ᠤ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ 600 ᠰᠢᠬᠠᠮ ᠬᠥᠮᠦᠨ ᠰᠤᠷᠤᠯᠴᠠᠯᠭ᠎ᠠ ᠳᠤ ᠣᠷᠣᠯᠴᠠᠵᠠᠶ᠃ ᠨᠣᠮ ᠤᠩᠰᠢᠬᠤ ᠠᠩᠭᠢ ᠶᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠳ᠋ᠦᠩ ᠯᠸᠢ ᠡᠷᠬᠢᠯᠡᠪᠡ᠃

   ᠨᠣᠮ ᠤᠩᠰᠢᠬᠤ ᠠᠩᠭᠢ ᠳᠤ᠂ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ

ᠰᠢᠰᠲ᠋ᠧᠮ ᠤᠨ ᠪᠠᠶᠢᠭᠤᠯᠤᠯᠲᠠ ᠶᠢᠨ ᠲᠤᠰᠬᠠᠶ ᠮᠡᠷᠭᠡᠵᠢᠯᠲᠡᠨ ᠤ ᠵᠥᠪᠯᠡᠯ ᠤᠨ ᠭᠡᠰᠢᠭᠦᠨ︔ ᠰᠣᠶᠣᠯ ᠪᠠ

ᠵᠢᠭᠤᠯᠴᠢᠯᠠᠯ ᠤᠨ ᠶᠠᠮᠤᠨ ᠤ ᠠᠷᠪᠠᠨ ᠭᠤᠷᠪᠠᠳᠤᠭᠠᠷ ᠲᠠᠪᠤᠨ ᠵᠢᠯ᠂ ᠠᠷᠪᠠᠨ ᠳᠥᠷᠪᠡᠳᠦᠭᠡᠷ ᠲᠠᠪᠤᠨ ᠵᠢᠯ ᠤᠨ

ᠲᠥᠯᠥᠪᠵᠢᠭᠦᠯᠭᠡ ᠶᠢᠨ ᠲᠤᠰᠬᠠᠶ ᠮᠡᠷᠭᠡᠵᠢᠯᠲᠡᠨ ᠤ ᠵᠥᠪᠯᠡᠯ ᠤᠨ ᠭᠡᠰᠢᠭᠦᠨ︔ ᠡᠳ᠋ ᠤᠨ ᠵᠠᠰᠠᠭ ᠤᠨ ᠶᠠᠮᠤᠨ ᠤ

ᠤᠯᠤᠰ ᠤᠨ ᠥᠮᠴᠢᠯᠡᠯ ᠤᠨ ᠰᠣᠶᠣᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ ᠤ

ᠵᠥᠪᠯᠡᠯ ᠤᠨ ᠭᠡᠰᠢᠭᠦᠨ︔ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠰᠣᠶᠣᠯ ᠠᠵᠤ

ᠠᠬᠤᠢ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠸᠧᠢ ᠫᠧᠩ ᠵᠢᠤᠢ ︽ᠰᠣᠶᠣᠯ ᠵᠤᠭᠠᠴᠠᠯ ᠢ

ᠠᠭᠤᠰᠤᠯᠴᠠᠭᠤᠯᠬᠤ ᠲᠦᠷᠦ ᠶᠢᠨ ᠪᠤᠳᠤᠯᠭ᠎ᠠ ᠪᠠ ᠦᠢᠯᠡᠳᠦᠯᠭᠡ︾ ᠭᠡᠬᠦ ᠰᠡᠳᠦᠪ ᠢᠶᠠᠷ ᠰᠣᠶᠣᠯ ᠵᠤᠭᠠᠴᠠᠯ ᠢ

ᠠᠭᠤᠰᠤᠯᠴᠠᠭᠤᠯᠬᠤ ᠲᠦᠷᠦ ᠶᠢᠨ ᠪᠤᠳᠤᠯᠭ᠎ᠠ ᠶᠢᠨ ᠠᠬᠤᠢ ᠪᠠᠶᠢᠳᠠᠯ᠂ ᠰᠣᠶᠣᠯ ᠵᠤᠭᠠᠴᠠᠯ ᠢ ᠠᠭᠤᠰᠤᠯᠴᠠᠭᠤᠯᠬᠤ

ᠭᠤᠣᠯᠳᠠᠯᠭ᠎ᠠ ᠲᠠᠢ ᠬᠦᠷᠢᠶ᠎ᠡ ᠵᠢᠴᠢ ᠰᠣᠶᠣᠯ ᠵᠤᠭᠠᠴᠠᠯ ᠢ ᠠᠭᠤᠰᠤᠯᠴᠠᠭᠤᠯᠬᠤ ᠨᠡᠶᠢᠲᠡᠯᠢᠭ ᠬᠡᠪ ᠵᠠᠭᠪᠤᠷ ᠵᠡᠷᠭᠡ

ᠭᠤᠷᠪᠠᠨ ᠲᠠᠯ᠎ᠠ ᠠᠴᠠ ᠨᠣᠮ ᠤᠩᠰᠢᠬᠤ ᠠᠩᠬᠢ ᠶᠢᠨ ᠰᠤᠷᠤᠭᠴᠢᠳ ᠲᠤ ᠰᠣᠶᠣᠯ ᠵᠤᠭᠠᠴᠠᠯ ᠢ ᠠᠭᠤᠰᠤᠯᠴᠠᠭᠤᠯᠬᠤ

ᠲᠤᠰᠬᠠᠢ ᠰᠡᠳᠦᠪᠲᠦ ᠬᠠᠪᠰᠤᠷᠤᠨ ᠵᠢᠯᠣᠭᠤᠳᠬᠤ ᠬᠢᠴᠢᠶᠡᠯ ᠣᠷᠣᠵᠠᠢ᠃

   ᠳ᠋ᠦᠩ ᠯᠸᠢ ᠳ᠋ᠦᠩᠨᠡᠯᠲᠡ ᠶᠢᠨ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠸᠧᠶ ᠫᠧᠩ ᠵᠢᠤᠢ

ᠬᠦᠷᠢᠶᠡᠯᠡᠩ ᠤᠨ ᠳᠠᠷᠤᠭ᠎ᠠ ᠶᠢᠨ ᠬᠢᠴᠢᠶᠡᠯ ᠵᠢᠭᠠᠬᠤ ᠣᠶᠢᠯᠠᠭᠠᠭᠳᠠᠬᠤᠨ ᠨᠢ ᠲᠡᠷᠢᠭᠦᠨ ᠤ᠂ ᠦᠵᠡᠯ ᠰᠠᠨᠠᠭ᠎ᠠ ᠨᠢ ᠭᠦᠨ

ᠭᠦᠨᠵᠡᠭᠡᠶ᠂ ᠬᠡᠷᠡᠭ ᠤᠨ ᠵᠢᠱᠢᠶ᠎ᠡ ᠨᠢ ᠠᠮᠢᠳᠤᠯᠢᠭ᠂ ᠵᠢᠯᠣᠭᠤᠳᠬᠤ ᠴᠢᠨᠠᠷ᠂ ᠦᠶᠯᠡᠳᠦᠯᠭᠡ ᠶᠢᠨ ᠴᠢᠨᠠᠷ ᠢᠶᠠᠷ ᠴᠢᠩᠭ᠎ᠠ

ᠪᠠᠶᠢᠵᠤ᠂ ᠰᠢᠨ᠎ᠡ ᠰᠣᠷᠭᠤᠭ ᠬᠠᠷᠠᠴᠢᠨ᠂ ᠡᠷᠡᠭᠦᠯ ᠡᠩᠬᠡ ᠠᠮᠢ ᠠᠬᠤᠶ ᠶᠢᠨ ᠵᠢᠭᠤᠯᠴᠢᠯᠠᠯ ᠤᠨ ᠨᠠᠷᠠᠲᠤ ᠲᠥᠷᠥᠯ

ᠲᠡᠮᠳᠡᠭᠲᠦ ᠶᠢ ᠪᠣᠶ ᠪᠣᠯᠭᠠᠬᠤ ᠳᠤ ᠮᠠᠰᠢ ᠦᠨ᠎ᠡ ᠥᠷᠲᠡᠭ ᠲᠠᠢ ᠯᠠᠪᠯᠠᠯᠲᠠ ᠬᠠᠩᠭᠠᠭᠰᠠᠨ ᠪᠠᠶᠢᠨ᠎ᠠ᠃

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号