︽2022 ᠣᠨ ᠤ ᠴᠠᠭ ᠬᠢᠵᠠᠭᠠᠷᠯᠠᠨ ᠬᠤᠸᠠᠷ ᠫᠤᠤᠵᠢᠩ ᠲᠠᠯᠪᠢᠬᠤ ᠶᠢ ᠪᠥᠬᠦ ᠣᠷᠣᠨ ᠪᠦᠰᠡ ᠳᠤ ᠴᠠᠭᠠᠵᠠᠯᠠᠬᠤ ᠲᠤᠬᠠᠶ ᠵᠠᠷᠯᠠᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/2/2
        ︽2022 ᠣᠨ ᠤ ᠴᠠᠭ ᠬᠢᠵᠠᠭᠠᠷᠯᠠᠨ ᠬᠤᠸᠠᠷ ᠫᠤᠤᠵᠢᠩ ᠲᠠᠯᠪᠢᠬᠤ ᠶᠢ ᠪᠥᠬᠦ ᠣᠷᠣᠨ ᠪᠦᠰᠡ ᠳᠤ ᠴᠠᠭᠠᠵᠠᠯᠠᠬᠤ ᠲᠤᠬᠠᠶ ᠵᠠᠷᠯᠠᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ    ᠬᠤᠸᠠᠷ ᠫᠤᠤᠵᠢᠩ ᠲᠠᠯᠪᠢᠬᠤ ᠶᠢᠨ ᠠᠭᠠᠷ ᠮᠠᠨᠳᠠᠯ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠪᠠᠭᠠᠰᠬᠠᠬᠤ ᠶᠢᠨ ᠲᠥᠯᠥᠭᠡ᠂ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠦᠨᠡᠨᠬᠦ ᠰᠠᠶᠢᠵᠢᠷᠠᠭᠤᠯᠵᠤ᠂ ᠨᠡᠶᠢᠭᠡᠮ ᠤᠨ ᠣᠯᠠᠨ ᠨᠡᠶᠢᠲᠡ ᠶᠢᠨ ᠠᠮᠤᠷ ᠲᠦᠪᠰᠢᠨ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾᠂ ︽ᠬᠤᠸᠠᠷ ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠪᠡᠯ᠂ ︽ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2022 ᠣᠨ ᠤ ᠴᠠᠭ ᠬᠢᠵᠠᠭᠠᠷᠯᠠᠨ ᠬᠤᠸᠠᠷ ᠫᠤᠤᠵᠢᠩ ᠲᠠᠯᠪᠢᠬᠤ ᠶᠢ ᠪᠥᠬᠦ ᠴᠠᠷᠠᠭᠠᠨ ᠳᠤ ᠴᠠᠭᠠᠵᠠᠯᠠᠬᠤ ᠲᠤᠬᠠᠶ ᠵᠠᠷᠯᠠᠯ︾ ︵ ᠤᠯᠠᠭᠠᠨᠬᠠᠳᠠ ᠵᠠᠰᠠᠭ ᠲᠠᠷᠬᠠᠭᠠᠭᠰᠠᠨ ︹ 2022 ︺ 1 ᠳ᠋ᠦᠭᠡᠷ ᠲᠣᠭᠠᠲᠤ︶ ᠤᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤᠨ ᠤ ᠪᠥᠬᠦ ᠴᠠᠷᠠᠭᠠᠨ ᠳᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠪᠠᠷ ᠲᠣᠭᠲᠠᠪᠠ᠂ ᠡᠳᠦᠭᠡ ᠲᠥᠷᠥ ᠶᠢᠨ ᠪᠣᠳᠣᠯᠭ᠎ᠠ ᠶᠢ ᠳᠣᠤᠷᠠᠬᠢ ᠮᠡᠲᠦ ᠲᠠᠶᠢᠯᠪᠤᠷᠢᠯᠠᠶ᠎ᠠ     ᠨᠢᠭᠡᠳᠦᠭᠡᠷ ᠲᠤ᠂ ᠲᠠᠯᠪᠢᠬᠤ ᠶᠢ ᠴᠠᠭᠠᠵᠠᠯᠠᠬᠤ ᠬᠡᠪᠴᠢᠶ᠎ᠡ᠃ ᠬᠠᠷᠠᠴᠢᠨ ᠬᠤᠰᠢᠭᠤᠨ ᠤ ᠵᠠᠰᠠᠭ ᠵᠠᠬᠢᠷᠭᠠᠨ ᠤ ᠣᠷᠣᠨ ᠳᠤ᠃    ᠬᠤᠶᠠᠳᠤᠭᠠᠷ ᠲᠤ᠂ ᠬᠤᠷᠢᠭᠠᠲᠠᠶ ᠴᠠᠭ ᠬᠤᠭᠤᠴᠠᠭ᠎ᠠ᠃ ᠲᠣᠰ ᠵᠠᠷᠯᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ 2022 ᠣᠨ ᠤ 3 ᠰᠠᠷ᠎ᠠ ᠶᠢᠨ 13 ᠤ ᠡᠳᠦᠷ ᠪᠣᠯᠲᠠᠯ᠎ᠠ᠃    ᠭᠤᠷᠪᠠᠳᠤᠭᠠᠷ ᠲᠤ᠂ ᠬᠤᠯᠪᠣᠭᠳᠠᠯ ᠪᠦᠬᠦᠢ ᠱᠠᠭᠠᠷᠳᠠᠯᠭ᠎ᠠ᠃ ᠨᠢᠭᠡ ᠳᠤ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠠ ᠠᠷᠠᠳ ᠤᠨ ᠪᠦᠯᠬᠦᠮ ᠤᠨ ᠬᠢᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠵᠤ᠂ ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠡᠯ᠎ᠡ ᠵᠦᠢᠯ ᠤᠨ ᠲᠣᠭᠲᠠᠭᠠᠯ ᠢ ᠲᠦᠷᠦᠭᠦᠯᠡᠨ ᠵᠢᠷᠤᠮᠯᠠᠵᠤ᠂ ᠥᠷᠭᠡᠨ ᠣᠯᠠᠨ ᠬᠤᠲᠠ ᠶᠢᠨ ᠠᠷᠠᠳ ᠤᠨ ᠤᠬᠠᠮᠰᠠᠷ ᠠᠴᠠ ᠪᠠᠨ ᠰᠠᠬᠢᠬᠤ ᠶᠢ ᠬᠥᠲᠥᠯᠦᠨ ᠵᠢᠯᠣᠭᠤᠳᠬᠤ ᠬᠡᠷᠡᠭᠲᠡᠶ᠃ ᠬᠤᠶᠠᠷ ᠲᠤ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠤᠨ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠬᠠᠷᠢᠭᠤᠴᠠᠨ᠎ᠠ᠃ ᠭᠤᠷᠪᠠ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠬᠤᠲᠠ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠤᠳ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠲᠣᠭᠲᠠᠭᠠᠯ ᠠᠴᠠ ᠵᠥᠷᠢᠴᠡᠨ ᠬᠤᠸᠠᠷ ᠫᠤᠤᠵᠢᠩ ᠦᠢᠯᠡᠳᠪᠦᠷᠢᠯᠡᠬᠦ ᠂ ᠲᠡᠭᠡᠭᠡᠪᠦᠷᠢᠯᠡᠬᠦ᠂ ᠪᠣᠷᠣᠯᠠᠭᠤᠯᠬᠤ᠂ ᠬᠤᠸᠠᠷ ᠫᠤᠤᠵᠢᠩ ᠲᠠᠯᠪᠢᠬᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠢᠴᠠᠭᠠᠨ ᠰᠢᠢᠳᠪᠦᠷᠢᠯᠡᠵᠦ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠬᠤᠯᠪᠣᠭᠳᠠᠯ ᠪᠥᠬᠦᠶ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠶ᠃    ᠳᠥᠷᠪᠡᠳᠦᠭᠡᠷ ᠲᠤ᠂ ᠬᠠᠷᠢᠭᠤᠴᠠᠯᠭ᠎ᠠ ᠨᠡᠬᠡᠮᠵᠢᠯᠡᠬᠦ᠃ ︽ᠬᠤᠸᠠᠷ ᠫᠤᠤᠵᠢᠩ ᠤᠨ ᠠᠶᠤᠯᠭᠦᠶ ᠶᠢᠨ ᠬᠠᠮᠢᠶᠠᠷᠤᠯᠲᠠ ᠶᠢᠨ ᠲᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ᠨᠢᠭᠡ ᠳᠤ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠸᠠᠷ ᠫᠤᠤᠵᠢᠩ ᠤᠨ ᠪᠦᠲᠦᠭᠡᠭᠳᠡᠬᠦᠨ ᠢ ᠵᠥᠪᠰᠢᠶᠡᠷᠡᠯ ᠦᠭᠡᠢ ᠪᠠᠷ ᠦᠢᠯᠡᠳᠪᠦᠷᠢᠯᠡᠵᠦ᠂ ᠡᠵᠡᠩᠨᠡᠵᠦ ᠪᠠᠶᠢᠭ᠎ᠠ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ ᠬᠤᠶᠠᠷ ᠲᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠬᠤᠸᠠᠷ ᠫᠤᠤᠵᠢᠩ ᠬᠠᠤᠯᠢ ᠪᠤᠰᠤ ᠪᠠᠷ ᠦᠢᠯᠡᠳᠪᠦᠷᠢᠯᠡᠭᠰᠡᠨ᠂ ᠡᠵᠡᠩᠨᠡᠭᠰᠡᠨ᠂ ᠵᠥᠭᠡᠭᠡᠪᠦᠷᠢᠯᠡᠭᠰᠡᠨ ᠪᠠ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠭᠰᠠᠨ ᠴᠠᠭ᠂ ᠭᠠᠵᠠᠷ ᠲᠤ ᠬᠤᠸᠠᠷ ᠫᠤᠤᠵᠢᠩ ᠲᠠᠯᠪᠢᠭᠰᠠᠨ᠂ ᠵᠥᠪᠰᠢᠶᠡᠷᠡᠯ ᠣᠯᠤᠭᠰᠠᠨ ᠦᠭᠡᠢ ᠪᠠᠷ ᠬᠤᠸᠠᠷ ᠫᠤᠤᠵᠢᠩ ᠤᠨ ᠦᠳᠡᠰᠢᠯᠡᠭᠡ ᠡᠷᠬᠢᠯᠡᠭᠰᠡᠨ ᠪᠠᠶᠢᠪᠠᠯ᠂ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃    ᠲᠠᠪᠤᠳᠤᠭᠠᠷ ᠲᠤ᠂ ᠢᠯᠡᠴᠢᠯᠡᠨ ᠮᠡᠳᠡᠭᠦᠯᠬᠦ ᠳᠤ ᠬᠢᠨᠠᠯᠲᠠ ᠲᠠᠯᠪᠢᠬᠤ᠃ ᠶᠠᠮᠠᠷᠪᠠ ᠨᠢᠭᠡᠴᠡ ᠪᠣᠯᠤᠨ ᠬᠤᠪᠢ ᠬᠥᠮᠦᠨ ᠴᠦᠮ ᠬᠠᠤᠯᠢ ᠲᠣᠭᠲᠠᠭᠠᠯ ᠠᠴᠠ ᠵᠥᠷᠢᠴᠡᠨ ᠬᠤᠸᠠᠷ ᠫᠤᠤᠵᠢᠩ ᠪᠣᠷᠣᠯᠠᠭᠤᠯᠤᠭᠰᠠᠨ᠂ ᠫᠤᠤᠵᠢᠩ ᠲᠠᠯᠪᠢᠭᠰᠠᠨ ᠥᠢᠯᠡ ᠠᠵᠢᠯᠯᠠᠭ᠎ᠠ ᠶᠢ ᠢᠳᠬᠠᠨ ᠬᠤᠷᠢᠭᠯᠠᠬᠤ᠂ ᠬᠤᠷᠢᠭᠯᠠᠨ ᠵᠣᠭᠰᠣᠭᠠᠬᠤ᠂ ᠢᠯᠡᠴᠢᠯᠡᠨ ᠮᠡᠳᠡᠭᠦᠯᠬᠦ ᠡᠷᠬᠡ ᠲᠠᠢ ︵ᠢᠯᠡᠴᠢᠯᠡᠨ ᠮᠡᠳᠡᠭᠦᠯᠬᠦ ᠤᠲᠠᠰᠤ 110︶᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号