ᠵᠣᠣ ᠶᠠᠨ ᠬᠤᠩ ᠬᠤᠰᠢᠭᠤᠨ ᠵᠠᠰᠠᠭ ᠤᠨ ᠣᠷᠳᠣᠨ ᠤ ᠪᠥᠬᠦᠳᠡ ︵ᠥᠷᠭᠡᠳᠬᠡᠭᠰᠡᠨ︶ ᠬᠤᠷᠠᠯ ᠢ ᠡᠷᠭᠢᠯᠡᠨ | ᠬᠤᠷᠠᠯᠳᠤᠭᠤᠯᠪᠠ | 2 ᠰᠠᠷ᠎ᠠ ᠶᠢᠨ 22 ᠤᠨ ᠡᠳᠦᠷ᠂ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ | ᠵᠣᠣ ᠶᠠᠨ ᠬᠤᠩ ᠬᠤᠰᠢᠭᠤᠨ ᠵᠠᠰᠠᠭ ᠤᠨ ᠣᠷᠳᠣᠨ ᠤ ᠪᠥᠬᠦᠳᠡ ︵ᠥᠷᠭᠡᠳᠬᠡᠭᠰᠡᠨ︶ ᠬᠤᠷᠠᠯ ᠢ ᠡᠷᠭᠢᠯᠡᠨ | ᠬᠤᠷᠠᠯᠳᠤᠭᠤᠯᠵᠤ᠂ ᠬᠡᠷ ᠲᠡᠭᠡᠨ ᠪᠠᠶᠢᠭ᠎ᠠ ᠳᠡᠳ᠋ ᠬᠤᠰᠢᠭᠤᠨ ᠳᠠᠷᠤᠭ᠎ᠠ ᠪᠠᠶ ᠯᠢᠩ᠂ ᠯᠢ ᠬᠦᠶ ᠹᠠᠩ᠂ ᠸᠠᠩ | ᠸᠸᠡ ᡁᠢ᠂ ᠪᠢᠴᠡᠳᠤ᠂ ᠸᠠᠩ ᠯᠢ ᠭᠦᠸᠧ᠂ ᠰᠢᠸ᠋ ᠶᠦᠨ ᠰᠥᠩ᠂ ᠢ ᠰᠢᠤ ᠴᠢᠤᠸᠠᠨ᠂ ᠯᠢᠦ ᠸᠧᠶ | ᠬᠤᠷᠠᠯ ᠳᠤ ᠣᠷᠣᠯᠴᠠᠵᠠᠶ᠃ | ᠵᠤᠤ ᠶᠠᠨ ᠬᠤᠩ ᠬᠡᠯᠡᠭᠰᠡᠨ ᠨᠢ ᠂ 2022 ᠣᠨ ᠪᠣᠯ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ | ᠵᠠᠩᠭᠢᠯᠠᠭ᠎ᠠ ᠶᠢᠨ ᠵᠢᠯ ᠪᠣᠯᠤᠨ᠎ᠠ᠃ ᠠᠵᠤ ᠠᠬᠤᠶ ᠶᠢᠨ ᠠᠵᠢᠯᠯᠠᠭᠠᠨ ᠢ ᠲᠣᠬᠢᠷᠠᠭᠤᠯᠬᠤ ᠲᠠᠯ᠎ᠠ ᠪᠠᠷ ᠦᠷᠭᠦᠯᠵᠢᠯᠡᠨ | ᠬᠦᠴᠦ ᠲᠠᠯᠪᠢᠬᠤ ᠬᠡᠷᠡᠭᠲᠡᠶ᠃ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ | ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠦᠭ ᠠᠶᠠᠰ ᠳᠣᠣᠷ᠎ᠠ᠂ ᠡᠨᠡ ᠵᠢᠯ ᠲᠦᠷᠦᠯ | ᠵᠦᠢᠯ ᠢ ᠠᠳᠬᠤᠵᠤ᠂ ᠪᠡᠯᠡ ᠣᠷᠣᠭᠤᠯᠤᠯᠲᠠ ᠶᠢ ᠠᠳᠬᠤᠵᠤ᠂ ᠬᠥᠭᠵᠢᠯᠲᠡ ᠶᠢ ᠠᠳᠬᠤᠵᠤ᠂ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠢᠨ ᠳᠡᠭᠡᠭᠰᠢ ᠪᠠᠨ ᠤᠯᠤᠯᠴᠠᠵᠤ ᠵᠣᠯᠭᠠᠭᠤᠯᠬᠤ ᠪᠠᠨ ᠴᠢᠩᠭᠠᠳᠬᠠᠵᠤ᠂ | ᠬᠡᠮᠵᠢᠶᠡᠵᠢᠭᠦᠯᠦᠭᠰᠡᠨ ᠭᠦᠢᠴᠡᠳᠬᠡᠬᠦ ᠲᠤᠭ᠎ᠠ ᠶᠢ ᠴᠢᠨᠠᠭᠰᠢᠳᠠ ᠵᠠᠳᠠᠯᠵᠤ᠂ ᠠᠵᠢᠯ ᠤᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠭᠦᠢᠴᠡᠳᠬᠡᠬᠦ ᠲᠤᠭ᠎ᠠ ᠶᠢᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ | ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠨᠢᠭᠡᠳᠦᠭᠡᠷ ᠤᠯᠠᠷᠢᠯ ᠳᠤ ︽ᠡᠭᠦᠳᠡ ᠪᠠᠨ ᠯᠠᠪᠳᠠᠭᠤᠨ | ᠨᠡᠭᠡᠭᠡᠵᠦ᠂ ᠰᠠᠶᠢᠨ ᠡᠬᠢᠯᠡᠯᠲᠡ ᠲᠠᠢ︾ ᠪᠠᠶᠢᠬᠤ ᠶᠢ ᠦᠨᠡᠨᠬᠦ ᠪᠠᠲᠤᠯᠠᠵᠤ᠂ ᠪᠥᠬᠦ ᠵᠢᠯ ᠤᠨ ᠬᠠᠷᠠᠯᠲᠠ ᠶᠢᠨ | ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠭᠤᠣᠯᠳᠠᠯᠭ᠎ᠠ ᠲᠠᠢ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ ᠦᠷᠭᠦᠯᠵᠢᠯᠡᠨ ᠬᠦᠴᠦ ᠲᠠᠯᠪᠢᠬᠤ ᠬᠡᠷᠡᠭᠲᠡᠶ᠃ ᠪᠥᠬᠦ | ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ︽ᠲᠥᠷᠥᠯ ᠵᠦᠶ᠋ᠯ ᠢᠶᠠᠷ ᠭᠤᠤᠯ ᠪᠣᠯᠭᠠᠬᠤ︾ | ᠣᠶᠢᠯᠠᠭᠠᠭᠳᠠᠬᠤᠨ ᠢ ᠡᠷᠡᠰ ᠪᠣᠶ ᠪᠣᠯᠭᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠵᠤ | ᠠᠬᠤᠶ ᠶᠢᠨ ᠠᠵᠢᠯ ᠤᠨ ᠭᠤᠤᠯ ᠭᠠᠷᠳᠠᠴᠠ ᠪᠣᠯᠭᠠᠵᠤ᠂ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ | ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠥᠷᠥᠯ ᠵᠦᠢᠯ ᠤᠨ ᠲᠥᠯᠥᠪᠵᠢᠭᠦᠯᠭᠡ ᠶᠢᠨ | ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ | ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ᠃ ᠬᠦᠷᠢᠶᠡᠯᠡᠩ ᠲᠣᠭᠤᠷᠢᠭ ᠤᠨ ᠲᠠᠪᠴᠠᠩ ᠤᠨ | ᠪᠠᠶᠢᠭᠤᠯᠤᠯᠲᠠ ᠶᠢᠨ ᠲᠠᠯ᠎ᠠ ᠪᠠᠷ ᠦᠷᠭᠦᠯᠵᠢᠯᠡᠨ ᠬᠦᠴᠦ ᠲᠠᠯᠪᠢᠬᠤ ᠬᠡᠷᠡᠭᠲᠡᠶ᠃ ᠤᠤᠯ ᠤᠨ ᠪᠠᠶᠢᠭᠰᠠᠨ ᠠᠵᠤ | ᠦᠢᠯᠡᠰ ᠤᠨ ᠬᠥᠭᠵᠢᠯᠲᠡ ᠶᠢᠨ ᠰᠠᠭᠤᠷᠢᠨ ᠳᠡᠭᠡᠷ᠎ᠡ᠂ ᠬᠤᠰᠢᠭᠤᠨ ᠤ ᠨᠠᠮ ᠤᠨ ᠬᠤᠷᠢᠶ᠎ᠠ ᠬᠤᠰᠢᠭᠤᠨ ᠤ | ᠵᠠᠰᠠᠭ ᠤᠨ ᠣᠷᠳᠣᠨ ᠪᠥᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ︽ᠨᠢᠭᠡ ᠲᠠᠷᠢᠶᠠᠯᠠᠩ ᠬᠤᠶᠠᠷ ᠠᠭᠤᠰᠤᠯᠴᠠᠯ | ᠭᠤᠷᠪᠠᠨ ᠠᠵᠤ ᠦᠢᠯᠡᠳᠪᠦᠷᠢ︾ ᠶᠢᠨ ᠠᠵᠤ ᠦᠢᠯᠡᠰ ᠤᠨ ᠬᠥᠭᠵᠢᠯᠲᠡ ᠶᠢᠨ | ᠲᠠᠪᠴᠠᠩ ᠢ ᠪᠠᠶᠢᠭᠤᠯᠬᠤ ᠶᠢ ᠰᠢᠨᠵᠢᠯᠡᠬᠦ ᠤᠬᠠᠭᠠᠨᠴᠢ ᠪᠠᠷ ᠳᠤᠷᠠᠳᠤᠨ ᠭᠠᠷᠭᠠᠭᠰᠠᠨ ᠤ ᠵᠣᠷᠢᠯᠭ᠎ᠠ ᠨᠢ ᠳᠠᠷᠤᠶ ᠴᠢᠨᠠᠷ | ᠰᠠᠶᠢᠲᠠᠶ ᠬᠥᠭᠵᠢᠯᠲᠡ ᠶᠢᠨ ᠠᠴᠢᠶᠠᠯᠠᠪᠤᠷᠢ ᠶᠢ ᠪᠣᠶ ᠪᠣᠯᠭᠠᠬᠤ ᠶᠢᠨ ᠲᠥᠯᠥᠭᠡ ᠶᠤᠮ᠃ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠬᠤ ᠬᠡᠷᠡᠭᠲᠡᠢ᠃ ᠤᠨᠢᠨ ᠳᠡᠭᠡᠷ᠎ᠡ ᠨᠢ ᠠᠷᠠᠯᠵᠢᠶᠠᠴᠢᠨ | ᠤᠷᠢᠬᠤ ᠶᠢ ᠴᠢᠩᠭᠠᠳᠬᠠᠵᠤ᠂ ᠪᠡᠭᠡᠵᠢᠩ ᠲᠢᠶᠠᠨᠵᠢᠨ ᠡᡁᠧᠪᠸᠢ᠂ ᠪᠦᠸᠧᠬᠠᠢ ᠲᠠᠩᠭᠢᠰ ᠢ ᠲᠣᠭᠤᠷᠢᠭᠰᠠᠨ ᠣᠷᠣᠨ᠂ | ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠬᠦᠷ | ᠬᠥᠭᠵᠢᠶᠡᠨᠲᠡᠢ᠂ ᠠᠵᠤ ᠦᠢᠯᠡᠰ ᠬᠥᠭᠵᠢᠭᠰᠡᠨ ᠭᠠᠵᠠᠷ ᠣᠷᠣᠨ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ | ᠂ ᠰᠤᠨᠤᠮᠠᠯ ᠬᠡᠯᠬᠢᠶ᠎ᠡ ᠶᠢ ᠤᠷᠲᠤᠳᠬᠠᠵᠤ ᠬᠡᠯᠬᠢᠶ᠎ᠡ ᠶᠢ ᠨᠥᠬᠦᠪᠥᠷᠢᠯᠡᠵᠦ | ᠬᠡᠯᠬᠢᠶ᠎ᠡ ᠶᠢ ᠴᠢᠩᠭᠠᠳᠬᠠᠬᠤ ᠲᠦᠷᠦᠯ ᠵᠦᠢᠯ ᠢ ᠡᠷᠢᠯᠬᠢᠯᠡᠵᠦ᠂ ᠲᠥᠪᠯᠡᠷᠡᠩᠭᠦᠢ ᠲᠥᠪᠯᠡᠷᠡᠭᠰᠡᠨ | ᠡᠷᠴᠢᠮᠯᠢᠭ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠲᠠᠯ᠎ᠠ ᠪᠠᠷ ᠦᠷᠭᠦᠯᠵᠢᠯᠡᠨ ᠬᠦᠴᠦ ᠲᠠᠯᠪᠢᠬᠤ ᠬᠡᠷᠡᠭᠲᠡᠶ᠃ ᠠᠰᠠᠭᠤᠳᠠᠯ ᠢ ᠲᠡᠷᠡ ᠳᠠᠷᠤᠢ ᠳᠤᠨᠢ | ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠬᠦ ᠵᠢᠴᠢ ᠨᠢᠭᠡ ᠠᠴᠠ ᠵᠦᠢᠴᠢᠯᠡᠨ ᠭᠤᠷᠪᠠ ᠶᠢ ᠴᠡᠭᠴᠡᠯᠡᠨ | ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ︽ᠡᠵᠡᠩᠨᠡᠯᠲᠡ ᠶᠢᠨ ᠣᠷᠴᠢᠨ ᠲᠣᠭᠤᠷᠢᠨ ᠢ | ᠰᠢᠯᠢᠳᠡᠭᠵᠢᠭᠦᠯᠬᠦ 3.0 ᠬᠡᠪᠯᠡᠯ ᠤᠨ ᠠᠵᠢᠯᠯᠠᠭ᠎ᠠ ᠶᠢᠨ ᠲᠥᠰᠦᠯ︾ ᠢ ᠴᠢᠩᠭ᠎ᠠ ᠨᠠᠶᠢᠳᠠᠪᠤᠷᠢᠵᠢᠭᠤᠯᠵᠤ᠂ ᠴᠢᠨᠠᠷ | ᠰᠠᠶᠢᠲᠠᠢ ᠬᠥᠭᠵᠢᠯᠲᠡ ᠶᠢᠨ ᠲᠦᠷᠦ ᠶᠢᠨ ᠪᠤᠳᠤᠯᠭ᠎ᠠ ᠶᠢᠨ ᠨᠠᠷᠢᠨ ᠲᠠᠩᠰᠠ ᠶᠢ ᠪᠦᠬᠦ ᠲᠠᠯ᠎ᠠ ᠪᠠᠷ ᠡᠮᠬᠢᠯᠡᠨ | ᠨᠠᠶᠢᠳᠠᠪᠤᠷᠢᠵᠢᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠳᠡᠭᠡᠷ᠎ᠡ | ᠦᠷᠭᠦᠯᠵᠢᠯᠡᠨ ᠬᠦᠴᠦ ᠲᠠᠯᠪᠢᠬᠤ ᠬᠡᠷᠡᠭᠲᠡᠢ᠃ 2022 ᠣᠨ ᠪᠣᠯ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠵᠠᠩᠭᠢᠯᠠᠭ᠎ᠠ ᠶᠢᠨ ᠵᠢᠯ ᠮᠥᠨ᠂ ᠪᠥᠬᠦ | ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ | ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢᠨ ᠴᠢᠬᠤᠯᠠ ᠠᠴᠢ ᠬᠤᠯᠪᠣᠭᠳᠠᠯ ᠢ | ᠭᠦᠨᠵᠡᠭᠡᠶ ᠲᠠᠨᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠠᠵᠢᠯ ᠢ | ᠯᠠᠪᠳᠠᠭᠤᠨ ᠢᠶᠠᠷ ᠠᠬᠢᠭᠤᠯᠬᠤ ᠬᠡᠷᠡᠭᠲᠡᠶ᠃ ᠵᠤᠤ ᠶᠠᠨ ᠬᠤᠩ ᠪᠠᠰᠠ ᠪᠠᠶᠢᠩᠭᠤᠵᠢᠭᠰᠠᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ᠂ ᠲᠤᠰᠬᠠᠢ ᠴᠡᠭᠴᠡᠯᠡᠨ ᠵᠠᠰᠠᠬᠤ ᠠᠵᠢᠯ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ | ᠠᠵᠢᠯ ᠂ ᠠᠶᠤᠯᠭᠦᠢ ᠦᠢᠯᠡᠳᠪᠦᠷᠢᠯᠡᠯ ᠤᠨ ᠠᠵᠢᠯ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ | ᠠᠵᠢᠯ᠂ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠠᠵᠢᠯ ᠵᠡᠷᠭᠡ ᠣᠳᠣᠬᠠᠨ ᠤ ᠬᠡᠳᠦᠨ ᠭᠤᠣᠯᠳᠠᠯᠭ᠎ᠠ ᠲᠠᠢ | ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠲᠤᠬᠠᠢ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃ | ᠵᠣᠣ ᠶᠠᠨ ᠬᠤᠩ ᠴᠢᠬᠤᠯᠠᠴᠢᠯᠠᠭᠰᠠᠨ ᠨᠢ᠂ ᠡᠨᠡ ᠵᠢᠯ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠵᠠᠩᠭᠢᠯᠠᠭ᠎ᠠ ᠶᠢᠨ ᠵᠢᠯ ᠮᠥᠨ᠂ ᠡᠳᠡᠭᠡᠷ ᠲᠣᠭᠲᠠᠭᠰᠠᠨ ᠬᠠᠷᠠᠯᠲᠠ ᠶᠢ ᠤᠷᠤᠭᠰᠢᠲᠠᠶ | ᠪᠡᠶᠡᠯᠡᠭᠦᠯᠵᠦ ᠴᠢᠳᠠᠬᠤ ᠡᠰᠡᠬᠦ ᠶᠢᠨ ᠵᠠᠩᠭᠢᠯᠠᠭ᠎ᠠ ᠨᠢ ᠣᠯᠠᠨ ᠢᠶᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠬᠤ | ᠰᠤᠷᠲᠠᠯ ᠲᠦᠪᠯᠡᠭᠦᠨ ᠪᠠᠶᠢᠬᠤ ᠡᠰᠡᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ | ᠡᠷᠴᠢᠮ ᠶᠡᠭᠡ ᠪᠠᠶᠢᠬᠤ ᠡᠰᠡᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠦᠷ᠎ᠡ ᠪᠦᠲᠦᠮᠵᠢ ᠰᠠᠶᠢᠨ ᠪᠠᠶᠢᠬᠤ | ᠡᠰᠡᠬᠦ ᠳᠤ ᠣᠷᠣᠰᠢᠨ᠎ᠠ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠨᠠᠶᠢᠳᠠᠪᠤᠷᠢᠵᠢᠭᠤᠯᠤᠯᠲᠠ ᠶᠢ | ᠠᠳᠬᠤᠬᠤ ᠬᠡᠷᠡᠭᠲᠡᠢ᠃ ᠲᠣᠰ ᠲᠣᠰ ᠤᠨ ᠡᠭᠦᠷᠭᠡᠯᠡᠭᠰᠡᠨ ᠠᠵᠢᠯ ᠤᠨ ᠡᠭᠦᠷᠭᠡ ᠪᠠᠨ ᠵᠠᠳᠠᠯᠵᠤ᠂ ᠬᠠᠷᠠᠯᠲᠠ ᠪᠠᠨ | ᠨᠠᠷᠢᠯᠢᠬᠵᠢᠭᠤᠯᠤᠨ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠷᠭ᠎ᠠ ᠬᠡᠮᠵᠢᠶ᠎ᠡ ᠪᠠ ᠴᠠᠭ ᠬᠤᠭᠤᠴᠠᠭ᠎ᠠ ᠶᠢᠨ | ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠨ᠂ ᠡᠭᠦᠷᠭᠡ ᠪᠠᠨ | ᠨᠠᠶᠢᠳᠠᠪᠤᠷᠢᠵᠢᠭᠤᠯᠬᠤ ᠬᠡᠷᠡᠭᠲᠡᠶ᠃ ᠠᠵᠢᠯ ᠤᠨ ᠰᠤᠷᠲᠠᠯ ᠢᠶᠠᠨ ᠬᠤᠪᠢᠷᠠᠭᠤᠯᠵᠤ ᠨᠠᠶᠢᠳᠠᠪᠤᠷᠢᠵᠢᠭᠤᠯᠤᠯᠲᠠ ᠶᠢ | ᠠᠳᠬᠤᠬᠤ ᠬᠡᠷᠡᠭᠲᠡᠢ᠃ ᠦᠨᠡᠨᠬᠦ ᠠᠳᠬᠤᠨ ᠪᠣᠳᠠᠲᠠᠢ ᠠᠵᠢᠯᠯᠠᠬᠤ᠂ ᠪᠤᠰᠢᠭᠤ ᠱᠠᠯᠠᠮᠠᠭᠠᠢ ᠠᠵᠢᠯᠯᠠᠬᠤ ᠠᠵᠢᠯ ᠤᠨ | ᠰᠤᠷᠲᠠᠯ ᠢ ᠶᠡᠬᠡᠪᠡᠷ ᠰᠠᠨᠠᠭᠠᠴᠢᠯᠠᠵᠤ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ᠂ ᠬᠦᠴᠢᠷᠳᠡᠯ | ᠪᠠ ᠵᠥᠷᠢᠴᠡᠯ ᠲᠤᠯᠭᠠᠷᠠᠪᠠᠯ ᠵᠠᠶᠢᠯᠠᠬᠤ ᠦᠭᠡᠢ ᠂ ᠬᠦᠴᠢᠷ ᠢ ᠰᠦᠷᠦᠨ ᠤᠷᠤᠭᠰᠢᠯᠠᠵᠤ᠂ ᠵᠣᠷᠢᠭᠲᠠᠢ ᠰᠡᠳᠬᠢᠵᠦ | ᠵᠣᠷᠢᠭᠲᠠᠢ ᠬᠢᠬᠦ ᠬᠡᠷᠡᠭᠲᠡᠢ᠃ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠵᠤ ᠨᠠᠶᠢᠳᠠᠪᠤᠷᠢᠵᠢᠭᠤᠯᠤᠯᠲᠠ ᠶᠢ | ᠠᠳᠬᠤᠬᠤ ᠬᠡᠷᠡᠭᠲᠡᠢ᠃ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠨᠡᠷ | ᠢᠮᠠᠭᠲᠠ ᠬᠤᠰᠢᠭᠤᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠣᠤᠷ᠎ᠠ᠂ ︽ᠨᠢᠭᠡ ᠬᠥᠯᠭᠡ ᠰᠢᠲᠠᠷ᠎ᠠ︾ ᠶᠢᠨ | ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠬᠤ ᠬᠡᠷᠡᠭᠲᠡᠶ︔ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠡᠯ᠎ᠡ | ᠰᠠᠯᠠᠭ᠎ᠠ ᠮᠥᠴᠢᠷ ᠪᠠᠰᠠ ᠶᠡᠭᠡ ᠲᠠᠯ᠎ᠠ ᠶᠢᠨ ᠤᠬᠠᠮᠰᠠᠷ ᠪᠠ ᠪᠦᠭᠦ ᠲᠠᠯ᠎ᠠ ᠶᠢᠨ ᠦᠵᠡᠯᠲᠡ ᠪᠠᠨ ᠴᠢᠩᠬᠠᠳᠬᠠᠵᠤ᠂ | ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ ᠤᠯᠤᠯᠴᠠᠭ᠎ᠠ | ᠬᠠᠮᠵᠢᠯᠴᠠᠭ᠎ᠠ ᠪᠠᠨ ᠴᠢᠩᠬᠠᠳᠬᠠᠨ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠡᠯ᠎ᠡ ᠵᠦᠢᠯ ᠤᠨ | ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠬᠦ | ᠬᠡᠷᠡᠭᠲᠠᠢ᠃ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠶᠢ ᠴᠢᠩᠭᠠᠳᠬᠠᠵᠤ | ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ ᠠᠵᠢᠯ ᠤᠨ ᠲᠣᠬᠢᠷᠠᠭᠤᠯᠤᠯᠲᠠ ᠶᠢᠨ ᠲᠣᠭᠲᠠᠴᠠ ᠶᠢ ᠤᠯᠠᠮ | ᠨᠢᠭᠡ ᠠᠯᠬᠤᠮ ᠰᠠᠶᠢᠵᠢᠷᠠᠭᠤᠯᠵᠤ᠂ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠲᠣᠭᠲᠠᠴᠠ ᠶᠢ ᠤᠯᠠᠮ ᠨᠢᠭᠡ | ᠠᠯᠬᠤᠮ ᠪᠦᠷᠢᠨᠰᠢᠬᠦᠯᠵᠦ᠂ ᠰᠢᠮᠳᠠᠭᠤᠯᠤᠨ ᠪᠠᠶᠢᠴᠠᠭᠠᠵᠤ ᠮᠡᠳᠡᠭᠡᠯᠡᠬᠦ ᠲᠣᠭᠲᠠᠴᠠ ᠶᠢ ᠪᠦᠷᠢᠨᠰᠢᠬᠦᠯᠦᠨ | ᠲᠡᠭᠦᠯᠳᠡᠷᠵᠢᠭᠦᠯᠬᠦ ᠬᠡᠷᠡᠭᠲᠡᠶ᠃ | ᠬᠤᠷᠠᠯ ᠳᠡᠭᠡᠷ᠎ᠡ᠂ ᠡᠯ᠎ᠡ ᠳᠡᠳ᠋ ᠬᠤᠰᠢᠭᠤᠨ ᠳᠠᠷᠤᠭ᠎ᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠶᠢᠨ | ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ | | | |