ᠬᠤᠰᠢᠭᠤᠨ ᠨᠠᠮ ᠤᠨ ᠬᠤᠷᠢᠶᠠᠨ ᠤ ᠱᠦᠵᠢ ᠹᠠᠩ ᠷᠦᠢ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠣᠶ | ᠰᠢᠭᠤᠶ ᠶᠢᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ | ᠬᠤᠷᠠᠯ ᠢᠡᠷᠬᠢᠯᠡᠨ ᠬᠤᠷᠠᠯᠳᠤᠭᠤᠯᠪᠠ | 2 ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ | ᠷᠦᠢ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠣᠶ ᠰᠢᠭᠤᠶ ᠶᠢᠨ ᠲᠤᠷᠰᠢᠯᠲᠠ ᠶᠢᠨ ᠰᠠᠭᠤᠷᠢᠨ ᠭᠠᠵᠠᠷ ᠤᠨ | ᠪᠥᠲᠥᠭᠡᠨ ᠪᠠᠶᠢᠭᠤᠯᠤᠯᠲᠠ ᠶᠢᠨ ᠠᠵᠢᠯ ᠢ ᠳᠥᠯᠭᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ | ᠷᠦᠩ ᠰᠢ ᠹᠤᠩ᠂ ᠳᠡᠳ᠋ ᠬᠤᠰᠢᠭᠤᠨ ᠳᠠᠷᠤᠭ᠎ᠠ ᠪᠢᠴᠢᠭᠲᠦ ᠂ ᠢ ᠰᠢᠤ ᠴᠢᠤᠸᠠᠨ | ᠣᠷᠣᠯᠴᠠᠵᠠᠶ᠃ | ᠹᠠᠩ ᠷᠦᠢ ᠵᠢᠭᠠᠵᠤ ᠭᠠᠷᠭᠠᠭᠰᠠᠨ ᠨᠢ᠂ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠣᠶ ᠰᠢᠭᠤᠶ ᠶᠢ | ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠤᠨ ᠰᠠᠭᠤᠷᠢ ᠰᠠᠶᠢᠨ᠂ ᠪᠠᠶᠢᠭᠠᠯᠢ ᠶᠢᠨ ᠣᠶ ᠰᠢᠭᠤᠶ ᠶᠢᠨ ᠡᠬᠢ ᠪᠠᠶᠠᠯᠢᠭ | ᠣᠯᠠᠨ ᠠᠴᠠ ᠣᠨᠴᠠᠭᠠᠶ ᠪᠠᠶᠢᠵᠤ᠂ ᠵᠣᠬᠢᠬᠤ ᠬᠡᠮᠵᠢᠶᠡᠨ ᠤ ᠣᠶ ᠰᠢᠭᠤᠶ ᠶᠢᠨ ᠡᠷᠡᠭᠦᠯ ᠮᠡᠨᠳᠦ ᠰᠤᠪᠢᠯᠠᠯᠲᠠ | ᠠᠮᠠᠷᠠᠯᠲᠠ ᠶᠢᠨ ᠨᠥᠬᠦᠴᠡᠯ ᠲᠠᠢ ᠪᠠᠶᠢᠳᠠᠭ᠃ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠᠷ ᠰᠠᠭᠤᠷᠢ | ᠪᠣᠯᠭᠠᠵᠤ᠂ ᠣᠯᠠᠨ ᠠᠴᠠ ᠬᠡᠲᠦ᠋ᠢᠳᠦᠭᠰᠡᠨ ᠪᠠᠶᠢᠭᠠᠯᠢ ᠶᠢᠨ ᠣᠷᠴᠢᠨ ᠲᠣᠭᠤᠷᠢᠨ ᠪᠠ ᠵᠤᠭᠠᠴᠠᠯ ᠤᠨ ᠡᠬᠢ ᠪᠠᠶᠠᠯᠢᠭ ᠢ | ᠠᠰᠢᠭᠯᠠᠵᠤ᠂ ᠠᠰᠠᠷᠠᠨ ᠲᠡᠵᠢᠭᠡᠬᠦ᠂ ᠡᠷᠡᠭᠦᠯ ᠴᠢᠭᠢᠷᠠᠭ᠂ ᠵᠤᠭᠠᠴᠠᠬᠤ᠂ ᠢᠳᠡᠬᠦ᠂ ᠬᠤᠨᠣᠬᠤ ᠪᠦᠷᠢᠨ ᠲᠥᠬᠦᠷ | ᠡᠷᠡᠭᠦᠯ ᠮᠡᠨᠳᠦ ᠶᠢ ᠬᠠᠮᠠᠭᠠᠯᠠᠬᠤ ᠰᠢᠰᠲ᠋ᠧᠮ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠣᠶ ᠰᠢᠭᠤᠶ ᠶᠢᠨ | ᠰᠤᠪᠢᠯᠠᠯᠲᠠ᠂ ᠡᠷᠡᠭᠦᠯᠵᠢᠯ᠂ ᠪᠡᠶ᠎ᠡ ᠶᠢᠨ ᠲᠠᠮᠢᠷ᠂ ᠰᠡᠯᠡᠭᠦᠴᠡᠯ᠂ ᠠᠮᠠᠷᠠᠯᠲᠠ ᠵᠡᠷᠭᠡ ᠣᠶ ᠰᠢᠭᠤᠶ ᠶᠢᠨ ᠰᠡᠯᠡᠭᠦᠴᠡᠯ | ᠰᠤᠪᠢᠯᠠᠯᠲᠠ ᠶᠢᠨ ᠦᠢᠯᠡᠴᠢᠯᠡᠭᠡ ᠶᠢ ᠨᠠᠩ ᠣᠯᠠᠨ ᠨᠡᠮᠡᠨ ᠪᠠᠶᠢᠭᠤᠯᠵᠤ᠂ ᠰᠡᠯᠡᠭᠦᠴᠡᠯ | ᠠᠮᠠᠷᠠᠯᠲᠠ᠂ ᠠᠮᠢ ᠠᠬᠤᠶ ᠶᠢᠨ ᠡᠷᠡᠭᠦᠯᠵᠢᠯ ᠰᠤᠪᠢᠯᠠᠯᠲᠠ᠂ ᠰᠤᠳᠤᠯᠤᠨ ᠰᠤᠷᠤᠯᠴᠠᠵᠤ ᠪᠣᠯᠪᠠᠰᠤᠷᠠᠭᠤᠯᠬᠤ ᠵᠡᠷᠭᠡ | ᠣᠯᠠᠨ ᠡᠰᠢᠵᠢᠭᠰᠡᠨ᠂ ᠣᠯᠠᠨ ᠲᠠᠰ ᠳᠠᠪᠬᠤᠷᠭ᠎ᠠ ᠶᠢᠨ ᠡᠷᠡᠭᠦᠯᠵᠢᠯ ᠰᠤᠪᠢᠯᠠᠯᠲᠠ ᠶᠢᠨ ᠪᠦᠲᠦᠭᠡᠭᠳᠡᠬᠦᠨ ᠤ | ᠬᠠᠩᠭᠠᠯᠭ᠎ᠠ ᠶᠢᠨ ᠰᠢᠰᠲ᠋ᠧᠮᠵᠢ ᠶᠢ ᠬᠦᠴᠦᠯᠡᠨ ᠬᠥᠭᠵᠢᠭᠦᠯᠵᠦ᠂ ᠠᠮᠢ ᠠᠬᠤᠶ ᠪᠠᠷ ᠰᠢᠯᠢᠳᠡᠭ ᠰᠠᠶᠢᠨ᠂ | ᠣᠨᠴᠠᠯᠢᠭ ᠢᠶᠠᠷ ᠢᠯᠡ ᠲᠣᠳᠣ᠂ ᠥᠩᠭᠡ ᠦᠵᠡᠮᠵᠢ ᠲᠠᠭᠠᠯᠠᠮᠵᠢᠲᠠᠶ᠂ ᠦᠷ᠎ᠡ ᠠᠰᠢᠭ ᠢᠶᠠᠷ ᠢᠯᠡᠷᠬᠡᠶ ᠣᠶ | ᠰᠢᠭᠤᠶ ᠶᠢᠨ ᠡᠷᠡᠭᠦᠯᠵᠢᠯ ᠰᠤᠪᠢᠯᠠᠯᠲᠠ ᠶᠢᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ | ᠦᠵᠡᠯ ᠰᠠᠨᠠᠭ᠎ᠠ ᠪᠠᠨ ᠦᠨᠡᠨ ᠬᠦ ᠴᠢᠯᠥᠭᠡᠯᠡᠵᠦ᠂ ᠥᠨᠳᠥᠷ ᠡᠬᠢᠯᠡᠯᠲᠡ ᠲᠠᠢ ᠪᠠᠷ ᠲᠥᠯᠥᠪᠵᠢᠭᠦᠯᠬᠦ᠂ ᠥᠨᠳᠥᠷ | ᠪᠠᠷᠢᠮᠵᠢᠶ᠎ᠠ ᠪᠠᠷ ᠲᠦᠯᠬᠢᠨ ᠠᠬᠢᠭᠤᠯᠬᠤ᠂ ᠥᠨᠳᠥᠷ ᠪᠠᠷᠢᠮᠵᠢᠶ᠎ᠠ ᠪᠠᠷ ᠱᠠᠭᠠᠷᠳᠠᠬᠤ ᠶᠢ ᠪᠠᠷᠢᠮᠲᠠᠯᠠᠨ᠂ ᠤᠢ ᠰᠢᠭᠤᠶ ᠶᠢᠨ | ᠡᠬᠢ ᠪᠠᠶᠠᠯᠢᠭ ᠢ ᠰᠠᠶᠢᠲᠤᠷ ᠬᠠᠮᠠᠭᠠᠯᠠᠭᠰᠠᠨ ᠤᠷᠢᠲᠠᠯ ᠳᠣᠣᠷ᠎ᠠ᠂ ᠬᠦᠯᠢᠶᠡᠰᠦᠯᠡᠯ ᠢ ᠡᠪᠳᠡᠵᠦ᠂ ᠰᠡᠳᠬᠢᠴᠡ ᠪᠠᠨ | ᠰᠢᠨ᠎ᠡ ᠪᠠᠷ ᠡᠭᠦᠳᠴᠦ᠂ ᠢᠳᠡᠪᠬᠢᠲᠡᠶ ᠪᠠᠷ ᠠᠷᠭ᠎ᠠ ᠰᠦᠪᠡᠭᠴᠢᠯᠡᠵᠦ᠂ ᠬᠠᠮᠵᠢᠯᠴᠠᠨ ᠬᠦᠴᠦᠯᠡᠵᠦ᠂ ᠳᠡᠭᠡᠳᠦ | ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠰᠠᠶᠢᠲᠤᠷ ᠬᠢᠵᠦ᠂ ᠬᠥᠭᠵᠢᠯᠲᠡ ᠶᠢᠨ ᠣᠷᠣᠨ ᠵᠠᠶ ᠶᠢ ᠥᠷᠭᠡᠳᠬᠡᠨ᠂ | ᠨᠡᠶᠢᠭᠡᠮ ᠤᠨ ᠬᠦᠷᠦᠩᠭᠡ ᠶᠢ ᠣᠷᠣᠭᠤᠯᠵᠤ ᠰᠠᠭᠤᠯᠭᠠᠬᠤ ᠵᠡᠷᠭᠡ ᠠᠷᠭ᠎ᠠ ᠮᠠᠶ᠋ᠢᠭ ᠢᠶᠠᠷ ᠤᠢ ᠰᠢᠭᠤᠶ ᠶᠢᠨ ᠡᠬᠢ | ᠪᠠᠶᠠᠯᠢᠭ ᠢ ᠵᠦᠢ ᠵᠣᠬᠢᠰᠲᠠᠶ ᠪᠥᠭᠡᠳ ᠪᠦᠲᠦᠮᠵᠢᠲᠡᠶ ᠪᠠᠷ ᠨᠡᠭᠡᠭᠡᠨ ᠠᠰᠢᠭᠯᠠᠵᠤ᠂ ᠤᠳᠤ ᠦᠶ᠎ᠡ ᠶᠢᠨ ᠤᠢ | ᠰᠢᠭᠤᠶ ᠶᠢᠨ ᠠᠵᠤ ᠠᠬᠤᠶ ᠶᠢᠨ ᠬᠥᠭᠵᠢᠯᠲᠡ ᠶᠢ ᠲᠦᠷᠭᠡᠪᠴᠢᠯᠡᠨ ᠠᠬᠢᠭᠤᠯᠤᠨ᠎ᠠ᠃ | ᠠᠮᠢ ᠠᠬᠤᠶ ᠶᠢᠨ ᠪᠣᠯᠪᠠᠰᠤᠨ ᠢ ᠪᠠᠶᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠳᠡᠮᠵᠢᠬᠦ ᠪᠠᠷ ᠬᠠᠷᠠᠯᠲᠠ ᠪᠣᠯᠭᠠᠵᠤ᠂ ᠣᠶ ᠰᠢᠭᠤᠶ ᠶᠢᠨ ᠡᠷᠡᠭᠦᠯ ᠮᠡᠨᠳᠦ ᠶᠢᠨ ᠠᠵᠤ ᠦᠢᠯᠡᠰ ᠤᠨ | ᠰᠢᠰᠲ᠋ᠧᠮ ᠢ ᠪᠠᠶᠢᠭᠤᠯᠬᠤ᠂ ᠣᠶ ᠰᠢᠭᠤᠶ ᠶᠢᠨ ᠡᠷᠡᠭᠦᠯ ᠮᠡᠨᠳᠦ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ | ᠪᠤᠶᠢᠵᠢᠭᠤᠯᠬᠤ᠂ ᠣᠶ ᠰᠢᠭᠤᠶ ᠶᠢᠨ ᠡᠷᠡᠭᠦᠯ ᠮᠡᠨᠳᠦ ᠶᠢᠨ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ᠂ | ᠣᠶ ᠶᠢᠨ ᠬᠤᠷᠮᠣᠶ ᠶᠢᠨ ᠠᠵᠤ ᠠᠬᠤᠶ ᠶᠢ ᠪᠤᠶᠢᠵᠢᠭᠤᠯᠤᠨ ᠬᠥᠭᠵᠢᠭᠦᠯᠬᠦ ᠪᠠᠷ ᠭᠤᠤᠯᠳᠠᠯᠭ᠎ᠠ ᠪᠣᠯᠭᠠᠵᠤ᠂ ᠣᠶ | ᠰᠢᠭᠤᠶ ᠶᠢᠨ ᠡᠷᠡᠭᠦᠯ ᠮᠡᠨᠳᠦ ᠶᠢᠨ ᠬᠥᠭᠵᠢᠯᠲᠡ ᠶᠢ ᠤᠯᠠᠮ ᠨᠢᠭᠡ ᠠᠯᠬᠤᠮ ᠬᠥᠭᠵᠢᠭᠦᠯᠬᠦ ᠪᠠ ᠴᠢᠨᠠᠷ ᠰᠠᠶᠢᠲᠠᠶ | ᠰᠢᠶᠠᠨ ᠤ ᠠᠵᠤ ᠠᠬᠤᠶ ᠶᠢ ᠠᠬᠢᠭᠤᠯᠬᠤ ᠶᠢ ᠬᠠᠷᠢᠯᠴᠠᠨ ᠤᠶᠠᠯᠳᠤᠭᠤᠯᠵᠤ᠂ ᠮᠠᠨ ᠤ ᠬᠤᠰᠢᠭᠤᠨ ᠤ ᠬᠥᠬᠡᠮᠳᠦᠭ | ᠨᠣᠭᠤᠭᠠᠨ ᠠᠭᠤᠯᠠ ᠤᠰᠤ ᠶᠢ ᠠᠯᠲᠠᠨ ᠠᠭᠤᠯᠠ ᠮᠥᠩᠭᠦᠨ ᠠᠭᠤᠯᠠ ᠪᠣᠯᠭᠠᠨ ᠬᠤᠪᠢᠷᠠᠭᠤᠯᠬᠤ ᠬᠡᠷᠡᠭᠲᠡᠶ᠃ | |