ᠬᠤᠰᠢᠭᠤᠨ ᠰᠤᠷᠭᠠᠨ ᠬᠥᠮᠦᠵᠢᠯ ᠤᠨ ᠰᠢᠰᠲ᠋ᠧᠮ ᠦᠨᠳᠦᠰᠦᠨ ᠱᠠᠲᠤᠨ ᠤ ᠨᠠᠮ ᠤᠨ ᠠᠵᠢᠯᠲᠠᠳ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/2/25
ᠬᠤᠰᠢᠭᠤᠨ ᠰᠤᠷᠭᠠᠨ ᠬᠥᠮᠦᠵᠢᠯ ᠤᠨ ᠰᠢᠰᠲ᠋ᠧᠮ ᠦᠨᠳᠦᠰᠦᠨ ᠱᠠᠲᠤᠨ ᠤ ᠨᠠᠮ ᠤᠨ ᠠᠵᠢᠯᠲᠠᠳ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ  2 ᠰᠠᠷ᠎ᠠ ᠶᠢᠨ 24 ᠦ ᠡᠳᠦᠷ ᠂ ᠬᠣᠰᠢᠭᠤᠨ ᠤ ᠰᠤᠷᠭᠠᠨ ᠬᠥᠮᠦᠵᠢᠯ ᠦᠨ ᠰᠢᠰᠲ᠋ᠧᠮ ᠦᠨᠳᠦᠰᠦᠨ ᠱᠠᠲᠤᠨ ᠤ ᠨᠠᠮ ᠤᠨ ᠠᠵᠢᠯᠲᠠᠳ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠬᠢᠪᠠ ᠃  ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠪᠠᠨ ᠨᠢᠭᠡᠳᠬᠡᠵᠦ᠂ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠠᠢ ᠃ ᠦᠨᠳᠦᠰᠦᠨ ᠱᠠᠲᠤᠨ ᠤ ᠨᠠᠮ ᠤᠨ ᠠᠵᠢᠯ ᠢ ᠰᠠᠶᠢᠲᠤᠷ ᠬᠢᠬᠦ ᠪᠣᠯ ᠨᠠᠮ ᠢ ᠴᠢᠩᠭ᠎ᠠ ᠵᠠᠰᠠᠬᠤ ᠶᠢ ᠨᠠᠶᠢᠳᠠᠪᠤᠷᠢᠵᠢᠭᠤᠯᠬᠤ ᠶᠢᠨ ᠬᠡᠷᠡᠭᠴᠡᠭᠡ ᠮᠥᠨ᠂ ᠨᠠᠮ ᠤᠨ ᠪᠠᠶᠢᠭᠤᠯᠤᠯᠲᠠ ᠶᠢᠨ ᠠᠵᠢᠯ ᠤᠨ ᠲᠦᠪᠰᠢᠨ ᠢ ᠳᠡᠭᠡᠭᠰᠢᠯᠡᠭᠦᠯᠬᠦ ᠶᠢᠨ ᠬᠡᠷᠡᠭᠴᠡᠭᠡ ᠮᠥᠨ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠶᠢᠨ ᠬᠡᠷᠡᠭᠴᠡᠭᠡ ᠮᠥᠨ᠃ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠬᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠬᠦ ᠬᠡᠷᠡᠭᠲᠡᠢ᠃ ᠭᠤᠣᠯᠳᠠᠯᠭ᠎ᠠ ᠶᠢ ᠡᠵᠡᠮᠳᠡᠵᠦ᠂ ᠨᠠᠮ ᠢ ᠴᠢᠩᠭ᠎ᠠ ᠬᠠᠮᠢᠶᠠᠷᠴᠤ ᠴᠢᠩᠭ᠎ᠠ ᠵᠠᠰᠠᠬᠤ ᠰᠢᠨ᠎ᠡ ᠱᠠᠭᠠᠷᠳᠠᠯᠭ᠎ᠠ ᠶᠢ ᠲᠣᠳᠣᠷᠬᠠᠶᠢᠯᠠᠵᠤ᠂ ᠭᠤᠣᠯᠳᠠᠯᠭ᠎ᠠ ᠶᠢ ᠡᠵᠡᠮᠳᠡᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠡᠭᠦᠷᠭᠡ ᠶᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠳᠤ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠴᠢᠳᠠᠪᠤᠷᠢ ᠪᠠᠨ ᠳᠡᠭᠡᠭᠰᠢᠯᠡᠭᠦᠯᠵᠦ᠂ ᠨᠠᠮ ᠤᠨ ᠠᠵᠢᠯ ᠤᠨ ᠰᠢᠯᠢᠳᠡᠭ ᠠᠵᠢᠯᠳᠠᠨ ᠪᠣᠯᠬᠤ ᠪᠠᠷ ᠴᠢᠷᠮᠠᠶᠢᠬᠤ ᠬᠡᠷᠡᠭᠲᠡᠢ᠃ ᠨᠠᠮ ᠤᠨ ᠠᠵᠢᠯ ᠤᠨ ᠠᠷᠭ᠎ᠠ ᠬᠡᠯᠪᠡᠷᠢ ᠪᠠ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠦᠨᠡᠨ ᠢ ᠪᠠᠷᠢᠮᠲᠠᠯᠠᠨ ᠪᠣᠳᠠᠲᠤ ᠠᠵᠢᠯᠯᠠᠭ᠎ᠠ ᠶᠢ ᠡᠷᠬᠢᠮᠯᠡᠬᠦ ᠠᠵᠢᠯ ᠤᠨ ᠰᠤᠷᠲᠠᠯ ᠢ ᠪᠤᠢ ᠪᠣᠯᠭᠠᠵᠤ᠂ ᠲᠥᠪ ᠭᠤᠣᠯᠴᠢ ᠰᠤᠷᠤᠯᠴᠠᠬᠤ ᠣᠪᠣᠷ ᠢ ᠪᠠᠷᠢᠮᠲᠠᠯᠠᠬᠤ ᠬᠡᠷᠡᠭᠲᠡᠶ᠃  ᠬᠤᠷᠠᠯ ᠠᠴᠠ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠶᠢ ᠡᠭᠦᠳᠬᠦ ᠤᠨᠤᠯ ᠢᠶᠠᠷ ᠵᠡᠪᠰᠡᠭᠯᠡᠬᠦ ᠶᠢ ᠰᠠᠶᠢᠲᠤᠷ ᠠᠳᠬᠤᠵᠤ᠂ ᠬᠦᠰᠡᠯ ᠵᠡᠭᠦᠳᠦ ᠢᠲᠡᠭᠡᠯ ᠪᠢᠰᠢᠷᠡᠯ ᠢᠶᠠᠨ ᠪᠠᠲᠤᠳᠬᠠᠵᠤ᠂ ᠠᠵᠢᠯ ᠬᠢᠵᠦ ᠦᠢᠯᠡᠰ ᠪᠤᠰᠬᠠᠬᠤ ᠦᠵᠡᠯ ᠰᠠᠨᠠᠭᠠᠨ ᠤ ᠰᠠᠭᠤᠷᠢ ᠶᠢ ᠪᠠᠲᠤᠳᠬᠠᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠦᠨ ᠢ ᠬᠥᠮᠦᠵᠢᠭᠦᠯᠬᠦ ᠶᠢ ᠪᠠᠷᠢᠮᠲᠠᠯᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠰᠤᠷᠤᠯᠴᠠᠯᠭ᠎ᠠ ᠶᠢᠨ ᠰᠢᠨ᠎ᠡ ᠵᠠᠭᠪᠤᠷ ᠢ ᠬᠦᠴᠦᠯᠡᠨ ᠪᠠᠶᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠭᠦᠨᠵᠡᠭᠡᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨᠬᠦ ᠪᠠᠲᠤᠳᠬᠠᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠤᠱᠯᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ︽ᠬᠤᠷᠢᠳᠤᠭᠠᠷ ᠶᠡᠭᠡ ᠬᠤᠷᠠᠯ ᠳᠤ ᠪᠡᠯᠡᠭ ᠬᠦᠷᠭᠡᠬᠦ︾ ᠪᠠᠷ ᠭᠤᠣᠯ ᠰᠢᠵᠢᠮ ᠪᠣᠯᠭᠠᠵᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠢ ᠬᠥᠭᠵᠢᠭᠡᠨ᠎ᠡ᠃     ᠬᠤᠷᠠᠯ ᠳᠤ ᠣᠷᠣᠯᠴᠠᠭᠰᠠᠨ ᠨᠥᠬᠦᠳ ᠦᠳ ᠢᠯᠡᠷᠬᠡᠢᠯᠡᠭᠰᠡᠨ ᠨᠢ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠡᠭᠦᠷᠭᠡ ᠪᠣᠯᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠭᠤᠣᠯᠳᠠᠯᠭ᠎ᠠ ᠲᠠᠢ ᠤᠶᠠᠯᠳᠤᠭᠤᠯᠤᠨ᠂ ᠵᠣᠷᠢᠭᠲᠠᠶ ᠪᠠᠷ ᠰᠢᠨ᠎ᠡ ᠶᠢ ᠡᠭᠦᠳᠴᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠦᠵᠡᠯ ᠰᠠᠨᠠᠭᠠᠨ ᠤ ᠲᠠᠯ᠎ᠠ ᠪᠠᠷ ᠬᠢ ᠨᠢᠭᠡᠳᠦᠯ᠂ ᠲᠠᠨᠢᠯᠲᠠ ᠶᠢᠨ ᠲᠠᠯ᠎ᠠ ᠪᠠᠷ ᠬᠢ ᠳᠡᠭᠡᠭᠰᠢᠯᠡᠯᠲᠡ᠂ ᠳᠦᠷᠢᠮ ᠤᠨ ᠲᠠᠯ᠎ᠠ ᠪᠠᠷ ᠬᠢ ᠲᠡᠭᠦᠯᠳᠡᠷᠵᠢᠯᠲᠡ ᠪᠣᠯᠤᠨ ᠦᠢᠯᠡᠳᠦᠯᠭᠡ ᠶᠢᠨ ᠳᠤᠮᠳᠠ ᠰᠢᠪᠲᠤᠯᠤᠯᠲᠠ ᠭᠠᠷᠭᠠᠬᠤ ᠶᠢ ᠴᠢᠷᠮᠠᠶᠢᠨ ᠪᠡᠶᠡᠯᠡᠭᠦᠯᠵᠦ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ᠂ ᠨᠠᠩ ᠣᠷᠭᠢᠯᠤᠮ᠎ᠠ ᠪᠠᠳᠠᠷᠠᠩᠭᠤᠶ ᠲᠡᠮᠡᠴᠡᠯ ᠤᠨ ᠵᠣᠷᠢᠭ᠂ ᠨᠠᠩ ᠯᠠᠪᠳᠠᠭᠤᠨ ᠪᠠᠲᠤᠲᠠᠶ ᠰᠤᠷᠲᠠᠯ ᠢᠶᠠᠷ᠂ ᠠᠷᠠᠳ ᠲᠦᠮᠡᠨ ᠳᠤ ᠦᠢᠯᠡᠴᠢᠯᠡᠵᠦ᠂ ᠰᠢᠨ᠎ᠡ ᠶᠢ ᠡᠭᠦᠳᠦᠨ ᠬᠥᠭᠵᠢᠭᠦᠯᠬᠦ᠂ ᠰᠢᠷᠭᠠᠭᠤ ᠬᠠᠲᠠᠭᠤᠵᠢᠯᠲᠠᠶ ᠲᠡᠮᠡᠴᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠰᠤᠷᠭᠠᠨ ᠬᠥᠮᠦᠵᠢᠯ ᠤᠨ ᠦᠶ᠋ᠯᠡᠰ ᠤᠨ ᠲᠦᠷᠭᠡᠨ ᠪᠥᠭᠡᠳ ᠰᠠᠶᠢᠨ ᠬᠥᠭᠵᠢᠯᠲᠡ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ︕      
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号