ᠮᠠᠨ ᠤ ᠬᠤᠰᠢᠭᠤ ᠮᠠ ᠠᠨ ᠱᠠᠨ ᠤ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠤᠨ ᠠᠷᠠᠯᠵᠢᠶᠠᠴᠢᠨ ᠤᠷᠢᠵᠤ ᠪᠠᠯᠠ ᠤᠷᠤᠭᠤᠯᠬᠤ ᠵᠥᠪᠳᠡᠯᠴᠡᠬᠡᠷ ᠤᠨ ᠬᠤᠷᠠᠯ ᠬᠢᠪᠠ
ᠨᠡᠶᠢᠲᠡᠯᠡᠭᠰᠡᠨ ᠴᠠᠭ᠄
2022/2/25
ᠮᠠᠨ ᠤ ᠬᠤᠰᠢᠭᠤ ᠮᠠ ᠠᠨ ᠱᠠᠨ ᠤ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠤᠨ ᠠᠷᠠᠯᠵᠢᠶᠠᠴᠢᠨ ᠤᠷᠢᠵᠤ ᠪᠠᠯᠠ ᠤᠷᠤᠭᠤᠯᠬᠤ ᠵᠥᠪᠳᠡᠯᠴᠡᠬᠡᠷ ᠤᠨ ᠬᠤᠷᠠᠯ ᠬᠢᠪᠠ   2 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠢᠭᠡᠳ ᠤᠯᠠᠭᠠᠨᠬᠠᠳᠠ ᠶᠢᠨ ᠬᠤᠩ ᠺᠦᠨ ᠪᠦᠯᠦᠭᠯᠡᠯ᠂ ᠱᠠᠨᠰᠢ ᠮᠤᠵᠢ ᠶᠢᠨ ᠵᠢᠭᠤᠯᠴᠢᠯᠠᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡᠨ ᠤ ᠬᠦᠷᠢᠶᠡᠯᠡᠩ ᠮᠠ ᠠᠨ ᠱᠠᠨ ᠤ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠤᠨ ᠬᠤᠳᠠᠯᠳᠤᠭᠠᠴᠢᠨ ᠤᠷᠢᠵᠤ ᠪᠠᠯᠠ ᠤᠷᠤᠭᠤᠯᠬᠤ ᠵᠥᠪᠳᠡᠯᠴᠡᠬᠡᠷ ᠤᠨ ᠬᠤᠷᠠᠯ ᠬᠢᠪᠠ᠃ ᠬᠤᠰᠢᠭᠤᠨ ᠨᠠᠮ ᠤᠨ ᠬᠤᠷᠢᠶ᠎ᠠ ᠶᠢᠨ ᠱᠦᠵᠢ ᠹᠠᠩ ᠷᠦᠢ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠮᠠ ᠵᠢᠩ ᠬᠤᠸᠠ᠂ ᠳᠡᠳ᠋ ᠬᠤᠰᠢᠭᠤᠨ ᠳᠠᠷᠤᠭ᠎ᠠ ᠢ ᠰᠢᠤ ᠴᠢᠤᠸᠠᠨ᠂ ᠯᠢᠦ ᠸᠧᠶ᠂ ᠤᠯᠠᠭᠠᠨᠬᠠᠳᠠ ᠶᠢᠨ ᠬᠤᠩ ᠺᠦᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠵᠠᠩ ᠵᠧᠨ ᠫᠢᠩ ᠬᠤᠷᠠᠯ ᠳᠤ ᠣᠷᠣᠯᠴᠠᠵᠤ᠂ ᠱᠠᠨᠰᠢ ᠮᠤᠵᠢ ᠶᠢᠨ ᠵᠢᠭᠤᠯᠴᠢᠯᠠᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡᠨ ᠤ ᠬᠦᠷᠢᠶᠡᠯᠡᠩ ᠤᠨ ᠳᠠᠷᠤᠭ᠎ᠠ᠂ ᠳᠡᠭᠡᠳᠦ ᠵᠡᠷᠭᠡ ᠶᠢᠨ ᠲᠥᠯᠥᠪᠯᠡᠭᠴᠢ ᠯᠢ ᠶᠠ ᠵᠢᠶᠦ᠋ᠨ ᠵᠢᠴᠢ ᠮᠠᠨ ᠤ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃   ᠬᠤᠷᠠᠯ ᠳᠡᠭᠡᠷ᠎ᠡ᠂ ᠱᠠᠨᠰᠢ ᠮᠤᠵᠢ ᠶᠢᠨ ᠵᠤᠭᠠᠴᠠᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡᠨ ᠤ ᠬᠦᠷᠢᠶᠡᠯᠡᠩ ᠤᠨ ᠬᠢᠨ ᠮᠠ ᠠᠨ ᠱᠠᠨ ᠤ ᠬᠤᠪᠢᠰᠬᠠᠯ ᠤᠨ ᠬᠥᠮᠦᠵᠢᠯ ᠤᠨ ᠰᠠᠭᠤᠷᠢᠨ ᠤ ᠰᠣᠶᠣᠯ ᠵᠤᠭᠠᠴᠠᠯ ᠰᠡᠯᠡᠭᠦᠴᠡᠯ ᠠᠮᠠᠷᠠᠯᠲᠠ ᠶᠢᠨ ᠶᠡᠷᠦᠩᠬᠡᠢ ᠲᠥᠰᠦᠪᠯᠡᠯ ᠢ ᠨᠠᠷᠢᠨ ᠲᠠᠨᠢᠯᠴᠠᠭᠤᠯᠬᠤ ᠶᠢᠨ ᠬᠠᠮᠲᠤ ᠤᠯᠠᠭᠠᠨᠬᠠᠳᠠ ᠶᠢᠨ ᠬᠤᠩ ᠺᠦᠨ ᠪᠦᠯᠦᠭᠯᠡᠯ ᠲᠠᠢ ᠠᠩᠬ᠎ᠠ ᠠᠯᠬᠤᠮ ᠤᠨ ᠬᠠᠮᠲᠤ ᠶᠢᠨ ᠲᠠᠨᠢᠯᠲᠠ ᠲᠠᠢ ᠪᠣᠯᠵᠠᠢ᠃   ᠹᠠᠩ ᠷᠦᠢ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠮᠠ ᠠᠨ ᠱᠠᠨ ᠤ ᠬᠤᠪᠢᠰᠬᠠᠯ ᠤᠨ ᠬᠥᠮᠦᠵᠢᠯ ᠤᠨ ᠰᠠᠭᠤᠷᠢᠨ ᠢ ᠪᠦᠳᠦᠭᠡᠨ ᠪᠠᠶᠢᠭᠤᠯᠬᠤ ᠲᠡᠦᠬᠡ ᠶᠢᠨ ᠦᠨ᠎ᠡ ᠦᠷᠳᠡᠭ ᠪᠣᠯᠤᠨ ᠪᠣᠳᠠᠲᠤ ᠠᠴᠢ ᠬᠤᠯᠪᠣᠭᠳᠠᠯ ᠢ ᠭᠦᠢᠴᠡᠳ ᠲᠠᠨᠢᠵᠤ᠂ ᠶᠡᠷᠦᠩᠬᠡᠢ ᠱᠦᠵᠢ ᠰᠢ ᠶᠢᠨ ᠫᠢᠩ ᠮᠠ ᠠᠨ ᠱᠠᠨ ᠤ ᠤᠢ ᠰᠢᠭᠤᠢ ᠶᠢᠨ ᠲᠠᠯᠠᠪᠠᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠪᠢᠰᠬᠠᠯ ᠤᠨᠦᠵᠡᠯ ᠰᠠᠨᠠᠭ᠎ᠠ ᠢ ᠰᠠᠶᠢᠲᠤᠷ ᠤᠯᠠᠮᠵᠢᠯᠠᠬᠤ ᠬᠡᠷᠡᠭᠲᠡᠢ᠃ ᠲᠤᠰ ᠭᠠᠵᠠᠷ ᠣᠷᠣᠨ ᠤ ᠪᠠᠨ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠬᠠᠷᠠᠴᠢᠨ ᠤ ᠦᠯᠢᠭᠡᠷ ᠢ ᠰᠠᠶᠢᠲᠤᠷ ᠶᠠᠷᠢᠬᠤ ᠬᠡᠷᠡᠭᠲᠡᠢ︔ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠢ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠣᠰᠣᠭᠠᠷ᠂ ᠭᠠᠵᠠᠷ ᠰᠢᠷᠣᠶ ᠲᠠᠲᠠᠪᠤᠷᠢᠯᠠᠬᠤ ᠵᠡᠷᠭᠡ ᠬᠠᠮᠢᠶ᠎ᠠ ᠪᠥᠬᠦᠶ ᠠᠵᠢᠯ ᠢ ᠤᠷᠢᠳᠴᠢᠯᠠᠨ ᠰᠠᠶᠢᠲᠤᠷ ᠬᠢᠵᠦ᠂ ᠢᠨᠵᠧᠨᠧᠷᠢᠩ ᠤᠨ ᠲᠣᠭᠲᠠᠭᠰᠠᠨ ᠬᠤᠭᠤᠴᠠᠭᠠᠨ ᠳᠠᠭᠠᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃   ᠹᠠᠩ ᠷᠦᠢ ᠢᠯᠡᠷᠬᠡᠶᠢᠯᠡᠬᠦ ᠳᠡᠭᠡᠨ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠪᠠᠷᠢᠮᠲᠠᠯᠠᠨ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠬᠦᠴᠦᠨ ᠵᠦᠢᠯ ᠤᠨ ᠪᠠᠲᠤᠯᠠᠭ᠎ᠠ ᠪᠠ ᠦᠢᠯᠡᠴᠢᠯᠡᠭᠡᠨ ᠤ ᠳᠡᠮᠵᠢᠯᠭᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠦᠷᠦᠯ ᠵᠦᠢᠯ ᠢ ᠲᠦᠷᠭᠡᠨ ᠪᠦᠳᠦᠭᠡᠨ ᠪᠠᠶᠢᠭᠤᠯᠤᠯᠲᠠ ᠳᠤ ᠣᠷᠣᠭᠤᠯᠬᠤ ᠶᠢ ᠠᠬᠢᠭᠤᠯᠬᠤ ᠶᠢᠨ ᠬᠠᠮᠲᠤ ᠦᠷ᠎ᠡ ᠠᠰᠢᠭ ᠢ ᠡᠷᠲᠡᠬᠡᠨ ᠪᠠᠳᠠᠷᠠᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃   ᠬᠤᠷᠠᠯ ᠳᠡᠭᠡᠷ᠎ᠡ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠮᠠ ᠵᠢᠩ ᠬᠤᠸᠠ᠂ ᠳᠡᠳ᠋ ᠬᠤᠰᠢᠭᠤᠨ ᠳᠠᠷᠤᠭ᠎ᠠ ᠢ ᠰᠢᠤ ᠴᠢᠤᠸᠠᠨ᠂ ᠯᠢᠦ ᠸᠧᠶ ᠪᠥᠬᠦ ᠲᠠᠯ᠎ᠠ ᠶᠢᠨ ᠲᠥᠯᠥᠪᠵᠢᠭᠦᠯᠭᠡ ᠶᠢᠨ ᠲᠥᠰᠦᠯ᠂ ᠦᠵᠡᠭᠦᠯᠦᠯᠭᠡ ᠶᠢᠨ ᠪᠠᠶᠢᠳᠠᠯ ᠳᠤ ᠵᠦᠶ ᠵᠣᠬᠢᠰᠲᠠᠶ ᠰᠠᠨᠠᠯ ᠰᠠᠨᠠᠭᠤᠯᠭ᠎ᠠ ᠳᠤᠷᠠᠳᠴᠠᠶ᠃     
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号