ᠬᠣᠲᠠ ᠶᠢᠨ ᠳᠠᠷᠤᠭ᠎ᠠ ᠸᠠᠩ ᠸᠠᠩ ᠱᠸᠡᠩ ᠮᠠᠨ ᠤ ᠬᠣᠰᠢᠭᠤᠨ ᠳᠤ ᠬᠦᠷᠴᠦ ᠠᠭᠤᠷᠬᠠᠶ ᠶᠢ ᠶᠡᠷᠦᠩᠬᠡᠶᠢᠯᠡᠨ ᠵᠠᠰᠠᠬᠤ ᠠᠵᠢᠯ ᠢ ᠬᠢᠨᠠᠨ ᠵᠢᠯᠣᠭᠣᠳᠴᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/2/28
ᠬᠣᠲᠠ ᠶᠢᠨ ᠳᠠᠷᠤᠭ᠎ᠠ ᠸᠠᠩ ᠸᠠᠩ ᠱᠸᠡᠩ ᠮᠠᠨ ᠤ ᠬᠣᠰᠢᠭᠤᠨ ᠳᠤ ᠬᠦᠷᠴᠦ ᠠᠭᠤᠷᠬᠠᠶ ᠶᠢ ᠶᠡᠷᠦᠩᠬᠡᠶᠢᠯᠡᠨ ᠵᠠᠰᠠᠬᠤ ᠠᠵᠢᠯ ᠢ ᠬᠢᠨᠠᠨ ᠵᠢᠯᠣᠭᠣᠳᠴᠤ ᠪᠠᠶᠢᠴᠠᠭᠠᠨ ᠰᠤᠳᠤᠯᠪᠠ   2 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠸᠡᠩ ᠠᠷᠪᠠᠨ ᠭᠡᠷ ᠮᠠᠨᠵᠤ ᠦᠨᠳᠦᠰᠦᠲᠡᠨ ᠤ ᠰᠢᠶᠠᠩ ᠳᠤ ᠬᠦᠷᠴᠦ ᠠᠭᠤᠷᠬᠠᠶ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠪᠠ᠃ ᠬᠤᠰᠢᠭᠤᠨ ᠨᠠᠮ ᠤᠨ ᠬᠤᠷᠢᠶ᠎ᠠ ᠶᠢᠨ ᠱᠦᠵᠢ ᠹᠠᠩ ᠷᠦᠢ᠂ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠯᠢ ᠬᠦᠶ ᠹᠠᠩ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠶᠠᠩ ᠸᠸᠡ ᠳ᠋ᠦᠩ ᠪᠠᠷ᠎ᠠ ᠪᠣᠯᠪᠠ᠃   ᠸᠠᠩ ᠸᠠᠩ ᠱᠸᠡᠩ ᠠᠷᠪᠠᠨ ᠭᠡᠷ ᠮᠠᠨᠵᠤ ᠦᠨᠳᠦᠰᠦᠲᠡᠨ ᠤ ᠰᠢᠶᠠᠩ ᠤᠨ ᠴᠤᠬᠤᠢ ᠶᠢᠨ ᠴᠢᠯᠠᠭᠤ ᠶᠢᠨ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠳᠤ ᠭᠦᠨᠵᠡᠭᠡᠶᠢᠷᠡᠵᠦ᠂ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠤ ᠵᠠᠰᠠᠯᠲᠠ ᠪᠣᠯᠤᠨ ᠠᠮᠢ ᠠᠬᠤᠢ ᠶᠢᠨ ᠰᠡᠷᠭᠦᠭᠡᠯᠲᠡ ᠶᠢᠨ ᠪᠠᠶᠢᠳᠠᠯ ᠢ ᠲᠤᠬᠠᠢ ᠶᠢᠨ ᠲᠠᠯᠠᠪᠠᠢ ᠳᠤ ᠬᠢᠨᠠᠨ ᠵᠢᠯᠣᠭᠤᠳᠴᠤ᠂ ᠵᠠᠰᠠᠯᠲᠠ ᠶᠢᠨ ᠲᠦᠷᠦᠯ ᠵᠦᠢᠯ ᠤᠨ ᠠᠬᠢᠴᠠ ᠪᠣᠯᠤᠨ ᠪᠠᠷᠢᠯᠭ᠎ᠠ ᠶᠢᠨ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃   ᠸᠠᠩ ᠸᠠᠩ ᠱᠸᠡᠩ ᠵᠢᠭᠠᠵᠤ ᠭᠠᠷᠭᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠪᠡᠯᠡᠳᠬᠡᠯ ᠠᠵᠢᠯ ᠢ ᠰᠠᠶᠢᠲᠤᠷ ᠬᠢᠵᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠶᠢᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠠᠭᠤᠷᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠲᠤᠰᠬᠠᠢ ᠴᠡᠭᠴᠡᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠵᠠᠰᠠᠬᠤ ᠠᠵᠢᠯ ᠤᠨ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠴᠢᠩᠭᠠᠷᠠᠭᠤᠯᠵᠤ᠂ ᠠᠭᠤᠷᠬᠠᠶ ᠶᠢᠨ ᠠᠮᠢ ᠠᠬᠤᠶ ᠶᠢ ᠰᠡᠷᠭᠦᠭᠡᠨ ᠵᠠᠰᠠᠬᠤ ᠡᠷᠴᠢᠮ ᠢᠶᠠᠨ ᠴᠢᠩᠭᠠᠷᠠᠭᠤᠯᠤᠨ᠂ ᠨᠠᠷᠢᠨ ᠵᠦᠢᠯᠡᠰ ᠤᠨ ᠲᠠᠯ᠎ᠠ ᠪᠠᠷ ᠬᠦᠴᠦ ᠲᠠᠯᠪᠢᠵᠤ᠂ ᠰᠡᠷᠭᠦᠭᠡᠨ ᠵᠠᠰᠠᠬᠤ ᠠᠵᠢᠯ ᠢ ᠡᠷᠬᠡᠪᠰᠢ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢᠶᠠᠷ ᠡᠮᠬᠢ ᠵᠢᠷᠤᠮ ᠲᠠᠢ ᠥᠷᠨᠢᠭᠦᠯᠵᠦ᠂ ᠠᠭᠤᠷᠬᠠᠶ ᠶᠢ ᠰᠡᠷᠭᠦᠭᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃   ᠸᠠᠩ ᠸᠠᠩ ᠱᠸᠡᠩ ᠴᠢᠩᠭᠠᠳᠬᠠᠭ᠍ᠰᠡᠨ ᠨᠢ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠭᠤᠷᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠠᠵᠢᠯ ᠢ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠬᠤ ᠬᠡᠷᠡᠭᠲᠡᠢ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠤᠳ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ ᠂ ᠲᠣᠰ ᠲᠣᠰ ᠤᠨ ᠬᠠᠷᠢᠭᠤᠴᠠᠯᠭ᠎ᠠ ᠪᠠᠨ ᠡᠭᠦᠷᠭᠡᠯᠡᠵᠦ ᠠᠭᠤᠷᠬᠠᠶ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠤᠰᠬᠠᠶ ᠴᠡᠭᠴᠡᠯᠡᠨ ᠵᠠᠰᠠᠬᠤ ᠠᠵᠢᠯ ᠤᠨ ᠬᠠᠷᠢᠭᠤᠴᠠᠯᠭ᠎ᠠ ᠶᠢ ᠳᠠᠬᠢᠨ ᠪᠣᠳᠠᠲᠠᠶᠢᠵᠢᠭᠤᠯᠵᠤ᠂ ᠡᠷᠴᠢᠮ ᠢᠶᠠᠨ ᠳᠠᠬᠢᠨ ᠴᠢᠩᠭᠠᠷᠠᠭᠤᠯᠵᠤ᠂ ᠠᠬᠢᠴᠠ ᠪᠠᠨ ᠳᠠᠬᠢᠨ ᠲᠦᠷᠭᠡᠳᠬᠡᠵᠦ᠂ ᠠᠷᠭ᠎ᠠ ᠬᠡᠮᠵᠢᠶ᠎ᠡ ᠪᠠᠨ ᠳᠠᠬᠢᠨ ᠴᠢᠩᠭᠠᠷᠠᠭᠤᠯᠵᠤ᠂ ᠦᠷ᠎ᠡ ᠪᠦᠲᠦᠮᠵᠢ ᠪᠠᠨ ᠳᠠᠬᠢᠨ ᠳᠡᠭᠡᠭᠰᠢᠯᠡᠭᠦᠯᠬᠦ ᠬᠡᠷᠡᠭᠲᠡᠶ᠃ ᠬᠠᠮᠢᠶ᠎ᠠ ᠪᠥᠬᠦᠶ ᠠᠵᠤ ᠠᠬᠤᠶᠢᠯᠠᠯ ᠤᠳ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠤᠨ ᠲᠥᠰᠦᠯ ᠢ ᠴᠢᠩᠭ᠎ᠠ ᠵᠢᠷᠤᠮᠯᠠᠨ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨᠴᠢ ᠪᠠᠷ ᠵᠠᠰᠠᠵᠤ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠴᠡᠭᠴᠡᠯᠡᠨ ᠵᠠᠰᠠᠬᠤ ᠡᠭᠦᠷᠭᠡ ᠶᠢ ᠯᠠᠪᠳᠠᠭᠤᠨ ᠪᠠᠲᠤᠲᠠᠶ ᠪᠠᠷ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠢ ᠱᠠᠯᠠᠪᠳᠠᠭᠤᠯᠤᠨ ᠵᠠᠰᠠᠬᠤ ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠴᠡᠭᠴᠡᠯᠡᠨ ᠵᠠᠰᠠᠵᠤ ᠰᠡᠷᠭᠦᠭᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠲᠦᠷᠦᠯ ᠵᠦᠢᠯ ᠤᠨ ᠠᠬᠢᠴᠠ ᠶᠢ ᠲᠦᠷᠭᠡᠳᠬᠡᠵᠦ᠂ ᠡᠯ᠎ᠡ ᠵᠦᠢᠯ ᠤᠨ ᠵᠠᠰᠠᠯᠲᠠ ᠶᠢᠨ ᠠᠷᠭ᠎ᠠ ᠬᠡᠮᠵᠢᠶ᠎ᠡ ᠪᠣᠯᠤᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ ᠪᠣᠯᠤᠨ ᠨᠡᠶᠢᠭᠡᠮ ᠤᠨ ᠦᠷ᠎ᠡ ᠠᠰᠢᠭ ᠤᠨ ᠬᠠᠮᠲᠤᠪᠠᠷ ᠠᠰᠢᠭ ᠬᠦᠷᠳᠡᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃

640 (1).png

640 (2).png

640.png

 

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号