ᠮᠡᠶᠢᠷᠡᠨ ᠪᠠᠯᠭᠠᠰᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠮᠥᠰᠥ ᠴᠠᠰᠤᠨ ᠤ ᠠᠵᠤ ᠠᠬᠤᠶ ᠶᠢᠨ ᠬᠥᠭᠵᠢᠯᠲᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2022/2/8
ᠮᠡᠶᠢᠷᠡᠨ ᠪᠠᠯᠭᠠᠰᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠮᠥᠰᠥ ᠴᠠᠰᠤᠨ ᠤ ᠠᠵᠤ ᠠᠬᠤᠶ ᠶᠢᠨ ᠬᠥᠭᠵᠢᠯᠲᠡ ᠳᠤ ᠬᠦᠴᠦᠨ ᠨᠡᠮᠡᠷᠢᠯᠡᠪᠡ    ᠴᠠᠭᠠᠨ ᠰᠠᠷ᠎ᠠ ᠶᠢᠨ ᠬᠤᠭᠤᠴᠠᠭᠠᠨ ᠳᠤ᠂ ᠪᠡᠭᠡᠵᠢᠩ ᠤᠨ ᠡᠪᠦᠯ ᠤᠨ ᠣᠯᠧᠮᠫᠢᠺ ᠴᠤᠭᠯᠠᠭᠠᠨ ᠮᠥᠰᠥ ᠴᠠᠰᠤᠨ ᠤ ᠬᠠᠯᠠᠭᠤᠷᠠᠯ ᠢ ᠠᠪᠴᠢᠷᠠᠵᠤ᠂ ᠮᠡᠶᠢᠷᠡᠨ ᠬᠦᠨᠳᠡᠢ ᠲᠠᠬᠢ ᠴᠠᠰᠤᠨ ᠳᠤ ᠭᠤᠯᠭᠤᠬᠤ ᠲᠠᠯᠠᠪᠠᠶ ᠳᠤ ᠲᠣᠭᠤᠷᠢᠨ ᠵᠤᠭᠠᠴᠠᠬᠤ ᠬᠥᠮᠦᠨ ᠤ ᠲᠤᠭ᠎ᠠ ᠲᠠᠰᠤᠷᠠᠯᠲᠠ ᠦᠭᠡᠶ ᠨᠡᠮᠡᠭᠳᠡᠵᠦ᠂ ᠦᠵᠡᠮᠵᠢ ᠶᠢᠨ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠨᠡᠨᠬᠦ ᠰᠠᠶᠢᠲᠤᠷ ᠬᠢᠬᠦ ᠶᠢᠨ ᠲᠤᠰᠠᠳᠠ ᠮᠡᠶᠢᠷᠡᠨ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠦᠳᠲᠡᠷ ᠲᠦᠷᠭᠡᠨ ᠢᠶᠠᠷ ᠪᠠᠶᠢᠷᠢᠯᠠᠭᠤᠯᠤᠯᠲᠠ ᠬᠢᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠬᠦ ᠪᠠᠷ ᠳᠠᠮᠵᠢᠭᠤᠯᠤᠨ ᠦᠵᠡᠮᠵᠢ ᠶᠢᠨ ᠣᠷᠣᠨ ᠤ ᠬᠥᠭᠵᠢᠯᠲᠡ ᠪᠣᠯᠤᠨ ᠠᠮᠤᠷ ᠲᠦᠪᠰᠢᠨ ᠳᠤ ᠬᠦᠴᠦ ᠨᠡᠮᠡᠷᠢᠯᠡᠵᠦ ᠪᠠᠶᠢᠨ᠎ᠠ᠃    ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠎ᠠ᠃ ᠦᠵᠡᠮᠵᠢ ᠶᠢᠨ ᠣᠷᠣᠨ ᠤ ᠬᠥᠮᠦᠰ ᠤᠨ ᠰᠢᠯᠵᠢᠯᠲᠡ ᠶᠡᠭᠡ ᠪᠠᠶᠢᠬᠤ ᠣᠨᠴᠠᠯᠢᠭ ᠲᠤ ᠴᠢᠭᠯᠡᠭᠦᠯᠦᠨ᠂ ᠦᠵᠡᠮᠵᠢ ᠶᠢᠨ ᠣᠷᠣᠨ ᠵᠢᠴᠢ ᠢᠵᠢ ᠪᠥᠷᠢᠳᠦᠭᠰᠡᠨ ᠪᠠᠭᠤᠳᠠᠯ ᠳᠤ ᠪᠠᠶᠢᠩᠭᠤ ᠶᠢᠨ ᠴᠢᠨᠠᠷᠲᠠᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠶᠢᠨ ᠵᠢᠯᠣᠭᠤᠳᠣᠯᠭ᠎ᠠ ᠥᠷᠨᠢᠭᠦᠯᠵᠦ᠂ ᠠᠵᠤ ᠠᠬᠤᠶᠢᠯᠠᠯ ᠢ ᠬᠠᠪᠰᠤᠷᠤᠨ ᠴᠠᠭ ᠲᠤᠬᠠᠶ ᠳᠤᠨᠢ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠰᠢᠶᠳᠪᠦᠷᠢᠯᠡᠵᠦ᠂ ᠦᠵᠡᠮᠵᠢ ᠶᠢᠨ ᠣᠷᠣᠨ ᠤ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠡᠯ᠎ᠡ ᠭᠤᠭᠴᠤᠭ᠎ᠠ᠂ ᠡᠯ᠎ᠡ ᠴᠤᠪᠤᠷᠠᠯ᠂ ᠡᠯ᠎ᠡ ᠬᠡᠯᠬᠢᠶ᠎ᠡ ᠳᠤ ᠥᠨᠴᠥᠭ ᠪᠤᠯᠤᠩ ᠥᠬᠡᠶ ᠬᠢᠨᠠᠨ ᠬᠠᠮᠢᠶᠠᠷᠤᠯᠲᠠ ᠶᠠᠪᠤᠭᠤᠯᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠦᠲᠦᠮᠵᠢᠲᠡᠶ ᠪᠣᠶ ᠪᠤᠯᠭᠠᠪᠠ᠃

   

   ᠦᠢᠯᠡᠴᠢᠯᠡᠭᠡᠨ ᠤ ᠶᠠᠰᠤ ᠴᠢᠨᠠᠷ ᠢ ᠰᠢᠯᠢᠳᠡᠭᠵᠢᠭᠦᠯᠦᠨ᠎ᠡ᠃ ᠦᠵᠡᠮᠵᠢ ᠶᠢᠨ ᠣᠷᠣᠨ ᠤ ᠭᠠᠳᠠᠨ᠎ᠠ ᠠᠴᠠ ᠢᠷᠡᠭᠰᠡᠨ

ᠬᠥᠮᠦᠰ ᠤᠨ ᠪᠥᠭᠡᠮ ᠬᠦᠴᠢᠯ ᠤᠨ ᠦᠯᠢᠭᠡᠷ ᠠᠪᠬᠤ ᠨᠢ ᠳᠥᠭᠦᠮ ᠦᠭᠡᠢ ᠪᠣᠳᠠᠲᠤ ᠪᠠᠶᠢᠳᠠᠯ ᠳᠤ ᠴᠢᠭᠯᠡᠭᠦᠯᠦᠨ᠂

ᠡᠷᠡᠭᠦᠯ ᠬᠠᠮᠠᠭᠠᠯᠠᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠢ ᠢᠳᠡᠪᠬᠢᠲᠡᠶ ᠵᠣᠬᠢᠴᠠᠭᠤᠯᠵᠤ᠂ ᠴᠠᠰᠤᠨ ᠳᠤ

ᠭᠤᠯᠭᠤᠬᠤ ᠲᠠᠯᠠᠪᠠᠶ ᠳᠤ ᠪᠥᠭᠡᠮ ᠬᠦᠴᠢᠯ ᠤᠨ ᠥᠯᠢᠭᠡᠷ ᠠᠪᠬᠤ ᠠᠵᠢᠯ ᠤᠨ ᠲᠠᠰᠤᠭ ᠭᠠᠷᠭᠠᠵᠤ᠂ ᠬᠠᠷᠢᠶᠠᠲᠤ

ᠣᠷᠣᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠠᠵᠢᠯᠲᠠᠨ ᠴᠡᠭ ᠲᠣᠭᠲᠠᠭᠠᠨ ᠥᠯᠢᠭᠡᠷ ᠠᠪᠬᠤ ᠶᠢᠨ ᠬᠠᠮᠲᠤ᠂

ᠵᠤᠭᠠᠴᠠᠭᠰᠠᠳ ᠤᠨ ᠲᠤᠭ᠎ᠠ ᠲᠦᠷᠭᠡᠨ ᠨᠡᠮᠡᠭᠳᠡᠭᠰᠡᠨ ᠵᠢᠴᠢ ᠦᠵᠡᠮᠵᠢ ᠶᠢᠨ ᠣᠷᠣᠨ ᠤ ᠰᠡᠷᠭᠡᠶᠢᠯᠡᠨ ᠡᠵᠡᠮᠳᠡᠬᠦ

ᠲᠥᠬᠦᠭᠡᠷᠦᠮᠵᠢ ᠬᠦᠷᠦᠯᠴᠡᠬᠦ ᠥᠬᠡᠶ ᠪᠠᠶᠢᠬᠤ ᠪᠠᠶᠢᠳᠠᠯ ᠳᠤ ᠴᠢᠭᠯᠡᠭᠦᠯᠦᠨ᠂ ᠮᠡᠶᠢᠷᠡᠨ ᠪᠠᠯᠭᠠᠰᠤ ᠣᠯᠠᠨ ᠲᠠᠯ᠎ᠠ ᠠᠴᠠ

ᠴᠤᠭᠯᠠᠭᠤᠯᠵᠤ᠂ ᠦᠵᠡᠮᠵᠢ ᠶᠢᠨ ᠣᠷᠣᠨ ᠳᠤ ᠠᠦ᠋ᠲ᠋ᠣ᠋ ᠳᠤᠯᠠᠭᠠᠨ ᠬᠡᠮᠵᠢᠬᠦ ᠡᠭᠦᠳᠡ᠂ ᠳᠤᠯᠠᠭᠠᠨ ᠬᠡᠮᠵᠢᠬᠦ

ᠬᠡᠮᠵᠢᠭᠦᠷᠯᠢᠭ ᠵᠡᠷᠭᠡ ᠰᠡᠷᠭᠡᠶᠢᠯᠡᠨ ᠡᠵᠡᠮᠳᠡᠬᠦ ᠲᠥᠬᠦᠭᠡᠷᠦᠮᠵᠢ ᠬᠠᠩᠭᠠᠵᠤ᠂ ᠠᠵᠤ ᠠᠬᠤᠶᠢᠯᠠᠯ ᠢ ᠬᠠᠪᠰᠤᠷᠤᠨ ᠪᠣᠳᠠᠲᠠᠶ

ᠬᠦᠴᠢᠷᠳᠡᠯ ᠢ ᠨᠢ ᠴᠠᠭ ᠲᠤᠬᠠᠶ ᠳᠤᠨᠢ ᠰᠢᠶᠳᠪᠦᠷᠢᠯᠡᠵᠦ ᠥᠭᠭᠦᠭᠰᠡᠨ ᠪᠠᠶᠢᠨ᠎ᠠ᠃

 

    ᠬᠢᠨᠠᠨ ᠬᠡᠮᠵᠢᠵᠦ ᠵᠢᠯᠣᠭᠤᠳᠬᠤ ᠪᠠᠨ ᠴᠢᠩᠭᠠᠷᠠᠭᠤᠯᠤᠨ᠎ᠠ᠃ ᠲᠤᠭ᠎ᠠ ᠪᠠᠷᠢᠮᠲᠠ ᠶᠢ ᠬᠢᠨᠠᠨ ᠬᠡᠮᠵᠢᠵᠦ

ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠦᠵᠡᠮᠵᠢ ᠶᠢᠨ ᠣᠷᠣᠨ ᠳᠤ ᠣᠷᠣᠵᠤ ᠰᠠᠭᠤᠭᠰᠠᠨ ᠬᠥᠮᠦᠰ ᠤᠨ

ᠲᠤᠭ᠎ᠠ ᠪᠠᠷᠢᠮᠲᠠ ᠶᠢ ᠴᠠᠭ ᠲᠤᠬᠠᠶ ᠳᠤᠨᠢ ᠪᠠᠯᠭᠠᠰᠤᠨ ᠤ ᠬᠢᠵᠢᠭ ᠤᠨ ᠪᠠᠶᠢᠳᠠᠯ ᠤᠨ ᠵᠢᠯᠣᠭᠤᠳᠬᠤ ᠭᠠᠵᠠᠷ ᠲᠤ

ᠮᠡᠳᠡᠭᠳᠡᠵᠦ᠂ ᠵᠢᠯᠣᠭᠤᠳᠬᠤ ᠭᠠᠵᠠᠷ ᠨᠢ ᠡᠯ᠎ᠡ ᠭᠠᠵᠠᠷ ᠤᠨ ᠲᠦᠭᠰᠢᠭᠦᠷᠢ ᠶᠢᠨ ᠲᠠᠰ ᠤᠨ ᠲᠣᠬᠢᠷᠠᠭᠤᠯᠤᠯᠲᠠ ᠶᠢ

ᠦᠨᠳᠦᠰᠦᠯᠡᠨ᠂ ᠡᠳᠦᠷ ᠪᠦᠷᠢ ᠦᠵᠡᠮᠵᠢ ᠶᠢᠨ ᠣᠷᠣᠨ ᠳᠤ ᠣᠷᠣᠵᠤ ᠰᠠᠭᠤᠭᠰᠠᠨ ᠬᠥᠮᠦᠰ ᠲᠤ ᠰᠤᠳᠤᠯᠤᠨ

ᠮᠠᠭᠠᠳᠯᠠᠯᠲᠠ ᠬᠢᠵᠦ᠂ ᠵᠢᠭᠰᠠᠭᠠᠨ ᠪᠠᠶᠢᠴᠠᠭᠠᠵᠤ ᠲᠣᠭᠲᠠᠭᠠᠭᠰᠠᠨ ᠲᠦᠭᠰᠢᠭᠦᠷᠢ ᠶᠢᠨ ᠬᠥᠮᠦᠰ ᠢ ᠬᠠᠮᠤᠭ ᠤᠨ

ᠲᠡᠷᠢᠭᠦᠨ ᠳᠤ ᠬᠦᠷᠭᠡᠬᠦ ᠶᠢᠨ ᠬᠠᠮᠲᠤ ᠵᠣᠬᠢᠬᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ

ᠬᠡᠷᠡᠭᠲᠡᠶ᠃ ᠪᠠᠯᠭᠠᠰᠤᠨ ᠤ ᠬᠢᠵᠢᠭ ᠤᠨ ᠪᠠᠶᠢᠳᠠᠯ ᠤᠨ ᠵᠢᠯᠣᠭᠤᠳᠬᠤ ᠭᠠᠵᠠᠷ ᠪᠣᠯᠤᠨ ᠡᠷᠡᠭᠦᠯ ᠬᠠᠮᠠᠭᠠᠯᠠᠯ ᠤᠨ ᠰᠠᠯᠠᠭ᠎ᠠ

ᠮᠥᠴᠢᠷ ᠤᠨ ᠠᠵᠢᠯᠲᠠᠳ ᠢ ᠵᠣᠬᠢᠶᠠᠨ ᠪᠠᠶᠢᠭᠤᠯᠵᠤ᠂ ᠦᠵᠡᠮᠵᠢ ᠶᠢᠨ ᠣᠷᠣᠨ ᠤ ᠭᠠᠳᠠᠨ᠎ᠠ ᠠᠴᠠ ᠢᠷᠡᠭᠰᠡᠨ ᠬᠥᠮᠦᠰ ᠢ

ᠬᠠᠮᠢᠶᠠᠷᠬᠤ᠂ ᠠᠷᠢᠭᠤᠳᠬᠠᠨ ᠠᠷᠢᠯᠭᠠᠬᠤ ᠵᠢᠴᠢ ᠡᠳᠦᠷ ᠲᠤᠲᠤᠮ ᠤᠨ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠵᠡᠷᠭᠡ

ᠠᠵᠢᠯ ᠳᠤ ᠲᠤᠰᠬᠠᠶ ᠰᠡᠳᠦᠪᠲᠦ ᠪᠣᠯᠪᠠᠰᠤᠷᠠᠭᠤᠯᠤᠯ ᠬᠢᠵᠦ᠂ ᠦᠵᠡᠮᠵᠢ ᠶᠢᠨ ᠣᠷᠣᠨ ᠤ ᠬᠥᠮᠦᠰ ᠲᠤ ᠬᠢᠵᠢᠭ ᠤᠨ

ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠪᠣᠯᠪᠠᠰᠤᠷᠠᠭᠤᠯᠤᠯ ᠢ ᠨᠡᠶᠢᠲᠡ 3 ᠤᠳᠠᠭ᠎ᠠ 160 ᠭᠠᠷᠤᠶ ᠬᠥᠮᠦᠨ

ᠤᠳᠠᠭ᠎ᠠ ᠥᠷᠨᠢᠭᠦᠯᠪᠡ᠃

   ᠮᠠᠶᠢᠷᠠᠨ ᠪᠠᠯᠭᠠᠰᠤ ᠶᠢᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠨ᠎ᠡ ᠪᠠᠶᠢᠳᠠᠯ ᠢ ᠴᠢᠩᠭ᠎ᠠ

ᠠᠩᠬᠠᠷᠴᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ

ᠰᠠᠶᠢᠲᠤᠷ ᠬᠢᠵᠦ᠂ ᠨᠠᠷᠢᠨ ᠠᠳᠬᠤᠵᠤ ᠴᠢᠩᠭ᠎ᠠ ᠠᠳᠬᠤᠵᠤ᠂ ᠨᠠᠷᠢᠯᠢᠭ ᠡᠵᠡᠮᠳᠡᠬᠦ ᠪᠠᠷ ᠳᠠᠮᠵᠢᠭᠤᠯᠤᠨ ᠠᠵᠤ

ᠦᠶᠯᠡᠰ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ

ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ᠃

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号