ᠴᠢᠩᠳᠣᠤ ᠶᠢᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠢᠨᠵᠢᠯᠡᠨ ᠪᠠᠶᠢᠴᠠᠭᠠᠬᠤ ᠪᠦᠯᠬᠦᠮ ᠬᠠᠷᠠᠴᠢᠨ ᠬᠤᠰᠢᠭᠤᠨ ᠳᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2022/2/9
ᠴᠢᠩᠳᠣᠤ ᠶᠢᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠢᠨᠵᠢᠯᠡᠨ ᠪᠠᠶᠢᠴᠠᠭᠠᠬᠤ ᠪᠦᠯᠬᠦᠮ ᠬᠠᠷᠠᠴᠢᠨ ᠬᠤᠰᠢᠭᠤᠨ ᠳᠤ ᠰᠢᠨᠵᠢᠯᠡᠨ ᠪᠠᠶᠢᠴᠠᠭᠠᠪᠠ    2 ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠴᠢᠩᠳᠣᠤ ᠶᠢᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ᠂ ᠫᠷᠤᠹᠧᠰᠰᠤᠷ ᠵᠣᠣ ᠶᠢᠨ ᠱᠠᠨ ᠨᠠᠷ ᠬᠠᠷᠠᠴᠢᠨ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠮᠥ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ᠂ ᠳᠡᠳ᠋ ᠬᠤᠰᠢᠭᠤᠨ ᠳᠠᠷᠤᠭ᠎ᠠ ᠢ ᠰᠢᠸ᠋ ᠴᠢᠤᠸᠠᠨ ᠪᠠᠷ᠎ᠠ ᠪᠣᠯᠵᠣ᠂ ᠹᠠᠩ ᠷᠦᠢ ᠰᠠᠭᠤᠳᠠᠯ ᠤᠨ ᠬᠤᠷᠠᠯ ᠢ ᠡᠷᠭᠢᠯᠡᠪᠡ᠃    ᠹᠠᠩ ᠷᠦᠢ ᠵᠢᠭᠠᠵᠤ ᠭᠠᠷᠭᠠᠭᠰᠠᠨ ᠨᠢ᠂ ᠮᠠᠨ ᠤ ᠬᠤᠰᠢᠭᠤᠨ ᠤ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠶ᠂ ᠰᠣᠶᠣᠯ ᠤᠨ ᠠᠭᠤᠯᠬᠤᠨ ᠡᠯᠪᠡᠭ ᠪᠠᠶᠠᠯᠢᠭ᠂ ᠠᠵᠤ ᠦᠶᠯᠡᠰ ᠤᠨ ᠰᠠᠭᠤᠷᠢ ᠭᠦᠨ ᠵᠤᠵᠠᠭᠠᠨ᠂ ᠬᠥᠭᠵᠢᠯᠲᠡ ᠶᠢᠨ ᠨᠥᠭᠡᠴᠡ ᠬᠦᠴᠦᠨ ᠲᠡᠭᠦᠯᠳᠡᠷ᠂ ᠳᠠᠯᠳᠠ ᠬᠦᠴᠦᠨ ᠯᠤᠲᠤ ᠶᠡᠭᠡ᠃ ᠾᠧ ᠮᠧᠢ ᠰᠢᠨ᠎ᠡ ᠲᠣᠭᠤᠷᠢᠭ 36 ᠲᠡᠭᠰᠢ ᠳᠥᠷᠪᠡᠯᠵᠢᠨ ᠺᠢᠯᠤᠮᠧᠳ᠋ᠷ ᠪᠠᠶᠢᠵᠤ᠂ ᠤᠯᠠᠭᠠᠨᠬᠠᠳᠠ ᠶᠢᠨ ᠭᠤᠣᠯ ᠬᠤᠳᠠ ᠶᠢᠨ ᠲᠣᠭᠤᠷᠢᠭ ᠲᠤ ᠠᠳᠠᠭ ᠪᠠᠭ᠎ᠠ ᠳᠠᠭᠠᠨ ᠲᠠᠪᠤᠨ ᠤ ᠨᠢᠭᠡ ᠬᠤᠪᠢ ᠶᠢ ᠡᠵᠡᠯᠡᠵᠦ᠂ ᠤᠯᠠᠭᠠᠨᠬᠠᠳᠠ ᠶᠢᠨ ᠭᠤᠣᠯ ᠬᠤᠳᠠ ᠶᠢᠨ ᠲᠣᠭᠤᠷᠢᠭ ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠤᠯᠠᠭᠠᠨᠬᠠᠳᠠ ᠠᠴᠠ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠳᠦᠭᠡᠨ ᠪᠠᠶᠢᠭᠤᠯᠬᠤ ᠨᠢ  ᠾᠧ ᠮᠧᠢ ᠰᠢᠨ᠎ᠡ ᠲᠣᠭᠤᠷᠢᠭ ᠲᠠᠢ ᠰᠠᠯᠤᠰᠢ ᠦᠭᠡᠢ ᠭᠡᠵᠦ ᠳᠤᠷᠠᠳᠪᠠ᠃

   ︽ᠨᠢᠭᠡ ᠪᠦᠰᠡ ᠬᠤᠶᠠᠷ ᠡᠷᠭᠢ︾ ᠶᠢᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠶᠣᠰᠣᠭᠠᠷ᠂ ᠬᠤᠲᠠ ᠶᠢ

ᠲᠣᠭᠤᠷᠢᠭᠰᠠᠨ ᠤᠰᠤᠨ ᠰᠢᠰᠲ᠋ᠧᠮ ᠤᠨ ᠰᠢᠪᠡᠭᠡ ᠭᠤᠣᠯ ᠤᠨ ᠦᠵᠡᠮᠵᠢ ᠶᠢᠨ ᠪᠦᠰᠡ ᠶᠢ ᠲᠥᠯᠥᠪᠵᠢᠭᠦᠯᠵᠦ᠂

ᠰᠢᠪᠡᠭᠡ ᠭᠤᠣᠯ ᠤᠨ ᠬᠤᠶᠢᠲᠤ ᠡᠷᠭᠢ ᠳᠤ ᠤᠨᠴᠠᠯᠢᠭᠳᠤ ᠢᠳᠡᠭᠡᠨ ᠤᠮᠳᠠᠭᠠᠨ᠂ ᠰᠥᠨᠢ ᠶᠢᠨ ᠠᠵᠤ ᠠᠬᠤᠶ᠂ ᠠᠰᠠᠷ

ᠲᠠᠭᠲᠤ ᠶᠢᠨ ᠠᠵᠤ ᠠᠬᠤᠶ ᠵᠡᠷᠭᠡ ᠦᠢᠯᠡᠴᠢᠯᠡᠭᠡᠨ ᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ᠂ ᠡᠮᠦᠨ᠎ᠡ

ᠡᠷᠭᠢ ᠳᠤ ᠲᠣᠮᠣ ᠬᠡᠯᠪᠡᠷᠢ ᠶᠢᠨ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠶᠯᠭᠡᠭᠡᠨ᠂ ᠡᠯᠧᠺᠲᠷᠣᠨ ᠬᠤᠳᠠᠯᠳᠤᠭᠠᠨ ᠤ

ᠶᠠᠪᠤᠳᠠᠯ᠂ ᠬᠤᠲᠠ ᠶᠢᠨ ᠠᠵᠤ ᠦᠶᠯᠡᠳᠪᠦᠷᠢ ᠵᠡᠷᠭᠡ ᠠᠵᠤ ᠦᠶᠯᠡᠰ ᠢ ᠭᠤᠤᠯᠳᠠᠯᠭ᠎ᠠ ᠲᠠᠢ ᠬᠥᠭᠵᠢᠭᠦᠯᠵᠦ᠂

ᠪᠦᠸᠧᠬᠠᠶ ᠲᠠᠩᠭᠢᠰ ᠢ ᠲᠣᠭᠤᠷᠢᠭᠰᠠᠨ ᠭᠠᠷᠠᠮ ᠤᠨ ᠨᠡᠪᠲᠡᠷᠡᠬᠦ ᠵᠠᠮ ᠢ ᠠᠰᠢᠭᠯᠠᠨ᠂ ᠭᠠᠳᠠᠭᠠᠳᠤ ᠠᠴᠠ ᠣᠷᠣᠭᠤᠯᠬᠤ

ᠡᠬᠢ ᠪᠠᠶᠠᠯᠢᠭ ᠢ ᠪᠣᠳᠠᠲᠠᠶᠢᠵᠢᠭᠤᠯᠤᠨ ᠡᠳ᠋ᠰᠢᠭᠦᠯᠬᠦ ᠲᠥᠷᠥᠯ ᠵᠦᠶᠯ ᠢ ᠵᠠᠯᠭᠠᠨ ᠠᠪᠴᠤ᠂ ᠠᠭᠠᠷ ᠤᠨ ᠠᠵᠤ

ᠠᠬᠤᠶ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠬᠡᠳᠦᠨ ᠵᠢᠯ ᠤᠨ ᠴᠠᠭ ᠢ ᠬᠡᠷᠡᠭᠯᠡᠵᠦ

ᠪᠠᠶᠢᠭᠠᠳ ᠾᠧ ᠮᠧᠢ ᠰᠢᠨ᠎ᠡ ᠲᠤᠭᠤᠷᠢᠭ ᠢ ᠤᠯᠠᠭᠠᠨᠬᠠᠳᠠ ᠶᠢᠨ ᠠᠵᠤ ᠦᠶᠯᠡᠰ ᠪᠠ ᠬᠤᠲᠠ ᠶᠢᠨ ᠠᠭᠤᠰᠤᠯᠴᠠᠭᠰᠠᠨ

ᠵᠢᠱᠢᠶ᠎ᠡ ᠦᠵᠡᠭᠦᠯᠬᠦ ᠣᠷᠣᠨ ᠪᠣᠯᠭᠠᠨ᠎ᠠ᠃

   ᠪᠥᠬᠦ ᠬᠤᠰᠢᠭᠤᠨ ᠤ ᠣᠶ ᠰᠢᠭᠤᠶ ᠶᠢᠨ ᠪᠦᠷᠬᠦᠭᠳᠡᠭᠰᠡᠨ ᠨᠣᠷᠮ᠎ᠠ 57.8% ᠪᠠᠶᠢᠵᠤ᠂ ᠤᠯᠠᠭᠠᠨᠬᠠᠳᠠ ᠶᠢᠨ

ᠲᠡᠷᠢᠭᠦᠨ ᠳᠤ ᠣᠷᠣᠵᠤ᠂ ᠪᠡᠭᠡᠵᠢᠩ ᠲᠢᠶᠠᠨᠵᠢᠨ ᠣᠷᠣᠨ ᠤ ᠨᠣᠭᠤᠭᠠᠨ ᠬᠠᠯᠬᠠᠪᠴᠢ ᠬᠡᠮᠡᠭᠳᠡᠵᠦ᠂ ᠪᠥᠬᠦ ᠤᠯᠤᠰ ᠤᠨ

ᠣᠶ ᠰᠢᠭᠤᠶ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠢᠶᠠᠨ ᠪᠣᠯᠤᠨ᠎ᠠ᠂ 140 ᠲᠦᠮᠡᠨ ᠮᠥ ᠶᠢᠨ ᠣᠶ

ᠰᠢᠭᠤᠶ ᠶᠢᠨ ᠡᠬᠢ ᠪᠠᠶᠠᠯᠢᠭ ᠢᠶᠠᠷ ᠣᠶ ᠰᠢᠭᠤᠶ ᠶᠢᠨ ᠠᠵᠤ ᠠᠬᠤᠶ ᠶᠢ ᠬᠥᠭᠵᠢᠭᠦᠯᠵᠦ ᠪᠣᠯᠤᠨ᠎ᠠ᠃ ᠥᠪᠥᠷ

ᠮᠣᠩᠭᠤᠯ ᠤᠨ ᠵᠡᠭᠦᠨ ᠬᠡᠰᠡᠭ ᠤᠨ ᠡᠮ ᠡᠮᠨᠡᠯᠭᠡ ᠶᠢᠨ ᠣᠲᠣ ᠦᠶ᠎ᠡ ᠶᠢᠨ ᠪᠠᠷᠠᠭᠠᠨ ᠤ ᠭᠦᠶᠯᠭᠡᠭᠡᠨ ᠤ ᠺᠣᠮᠫᠠᠨᠢ ᠨᠢ

ᠾᠧ ᠮᠧᠶ ᠬᠦᠷᠢᠶᠡᠯᠡᠩ ᠲᠣᠭᠤᠷᠢᠭ ᠲᠤ ᠪᠠᠶᠢᠷᠢᠰᠢᠵᠤ᠂ ᠪᠡᠭᠡᠵᠢᠩ᠂ ᠲᠢᠶᠠᠨᠵᠢᠨ᠂ ᠯᠢᠶᠣᠤᠨᠢᠩ᠂ ᠾᠧᠪᠸᠢ᠂ ᠥᠪᠥᠷ

ᠮᠣᠩᠭᠤᠯ ᠤᠨ ᠵᠡᠭᠦᠨ ᠬᠡᠰᠡᠭ ᠵᠡᠷᠭᠡ ᠭᠠᠵᠠᠷ ᠣᠷᠣᠨ ᠢ ᠨᠥᠯᠥᠭᠡᠯᠡᠨ᠂ ᠠᠷᠠᠯᠵᠢᠶ᠎ᠠ ᠬᠤᠳᠠᠯᠳᠤᠭᠠᠨ ᠤ ᠪᠠᠷᠠᠭᠠᠨ

ᠭᠦᠶᠯᠭᠡᠭᠡᠨ ᠤ ᠠᠵᠤ ᠦᠶᠯᠡᠰ ᠤᠨ ᠬᠡᠪᠴᠢᠶᠡᠵᠢᠯᠲᠡ᠂ ᠡᠷᠴᠢᠮᠵᠢᠯᠲᠡ᠂ ᠣᠳᠣᠬᠢᠴᠢᠯᠠᠯᠲᠠ ᠳᠠᠰᠢ ᠤᠷᠤᠭᠰᠢᠯᠠᠬᠤ ᠶᠢ

ᠤᠯᠠᠮ ᠨᠢᠭᠡ ᠠᠯᠬᠤᠮ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠦᠭᠭᠦᠪᠡ᠃

   ᠹᠠᠩ ᠷᠦ᠋ᠢ ᠢᠯᠡᠳᠬᠡᠭᠰᠡᠨ ᠨᠢ᠂ ᠬᠤᠶᠠᠷ ᠲᠠᠯ᠎ᠠ ᠪᠠᠷ ᠢᠶᠠᠨ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ᠂

ᠤᠢ ᠰᠢᠭᠤᠢ ᠶᠢᠨ ᠠᠵᠤ ᠠᠬᠤᠢ ᠵᠡᠷᠭᠡ ᠲᠠᠯ᠎ᠠ ᠪᠠᠷ ᠤᠯᠤᠯᠴᠠᠭ᠎ᠠ ᠰᠣᠯᠢᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂

ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠠᠵᠤ ᠦᠢᠯᠡᠰ ᠤᠨ ᠵᠣᠯᠭᠠᠯᠴᠠᠭ᠎ᠠ ᠪᠡᠯᠡ ᠣᠷᠣᠭᠤᠯᠤᠯᠲᠠ ᠶᠢᠨ

ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ

ᠬᠦᠰᠡᠵᠦ ᠪᠠᠶᠢᠨ᠎ᠠ ᠭᠡᠵᠦ ᠭᠡᠪᠡ᠃

   ᠰᠠᠭᠤᠳᠠᠯ ᠤᠨ ᠬᠤᠷᠠᠯ ᠳᠡᠭᠡᠷ᠎ᠡ ᠢ ᠰᠢᠸ᠋ ᠴᠢᠤᠸᠠᠨ ᠮᠠᠨ ᠤ ᠬᠤᠰᠢᠭᠤᠨ ᠤ ᠦᠨᠳᠦᠰᠦᠨ ᠪᠠᠶᠢᠳᠠᠯ ᠢ

ᠲᠠᠨᠢᠯᠴᠠᠭᠤᠯᠪᠠ᠃ ᠬᠤᠷᠠᠯ ᠳᠤ ᠣᠷᠣᠯᠴᠠᠭᠰᠠᠳ ᠪᠦᠭᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ

ᠤᠬᠠᠭᠤᠯᠭ᠎ᠠ ᠶᠢᠨ ᠹᠢᠯᠢᠮ ᠪᠣᠯᠤᠨ ᠠᠷᠠᠯᠵᠢᠶᠠᠴᠢᠨ ᠤᠷᠢᠵᠤ ᠪᠠᠯᠠ ᠲᠠᠲᠠᠬᠤ ᠤᠬᠠᠭᠤᠯᠭ᠎ᠠ ᠶᠢᠨ ᠹᠢᠯᠢᠮ ᠢ ᠦᠵᠡᠪᠡ᠃

   ᠵᠤᠤ ᠶᠢᠨ ᠱᠠᠨ ᠰᠢᠨᠵᠢᠯᠡᠨ ᠪᠠᠶᠢᠴᠠᠭᠠᠬᠤ ᠪᠦᠯᠬᠦᠮ ᠤᠨ ᠬᠠᠮᠢᠶ᠎ᠠ ᠪᠦᠬᠦᠢ ᠪᠦᠷᠢᠯᠳᠦᠬᠦᠨ ᠢ ᠲᠠᠨᠢᠯᠴᠠᠭᠤᠯᠤᠭᠰᠠᠨ

ᠪᠥᠭᠡᠳ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ ᠵᠡᠷᠭᠡ ᠬᠦᠷᠢᠶᠡᠨ ᠤ ᠲᠤᠬᠠᠢ ᠰᠠᠨᠠᠯ ᠢᠶᠠᠨ ᠭᠦᠨᠵᠡᠭᠡᠢ

ᠰᠣᠯᠢᠯᠴᠠᠵᠠᠢ᠃

ᠳᠠᠷᠠᠭ᠎ᠠ ᠨᠢ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠾᠧ ᠮᠧᠢ ᠬᠤᠳᠠᠯᠳᠤᠭ᠎ᠠ ᠠᠷᠠᠯᠵᠢᠶᠠᠨ ᠤ ᠪᠠᠷᠠᠭᠠᠨ ᠤ

ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠠᠢ᠃

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号