ᠬᠤᠰᠢᠭᠤᠨ ᠨᠠᠮ ᠤᠨ ᠬᠤᠷᠢᠶᠠᠨ ᠤ ᠱᠦᠵᠢ ᠹᠠᠩ ᠷᠦᠢ ᠠᠷᠠᠳ ᠤᠨ ᠰᠦᠯᠵᠢᠶᠡᠨ ᠤ ᠥᠪᠥᠷ ᠮᠣᠩᠭᠤᠯ ᠤᠨ | ᠰᠤᠪᠠᠭ ᠤᠨ ᠰᠤᠷᠪᠤᠯᠵᠢᠯᠠᠭ᠎ᠠ ᠶᠢ ᠬᠦᠯᠢᠶᠡᠪᠡ | ︽ᠮᠠᠨ ᠤ ᠮᠠᠶᠢᠷᠠᠨ ᠬᠥᠨᠳᠡᠶ ᠶᠢᠨ ᠴᠠᠰᠤᠨ ᠳᠤ ᠭᠤᠯᠭᠤᠬᠤ ᠲᠠᠯᠠᠪᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠳᠤ ᠬᠤᠣᠰ ᠦᠭᠡᠶ ᠪᠠᠶᠬᠤ ᠶᠣᠰᠣᠲᠠᠶ᠃ ᠲᠡᠭᠦᠨ ᠤ ᠠᠭᠤᠷ ᠠᠮᠢᠰᠬᠤᠯ ᠤᠨ ᠨᠥᠬᠦᠴᠡᠯ᠂ ᠨᠦᠢᠲᠠᠨ | ᠭᠠᠵᠠᠷ ᠵᠡᠷᠭᠡ ᠨᠢ ᠪᠦᠷ ᠮᠠᠰᠢ ᠰᠠᠶᠢᠨ᠂ ᠲᠡᠷᠡ ᠨᠢ ᠣᠯᠠᠨ ᠤᠯᠤᠰ ᠤᠨ ᠴᠢᠨᠠᠷᠲᠠᠶ ᠤᠷᠤᠯᠳᠤᠭᠠᠨ ᠶᠠᠪᠤᠭᠤᠯᠵᠤ᠂ | ᠨᠢᠭᠡ ᠠᠴᠠ ᠳᠥᠷᠪᠡᠳᠦᠭᠡᠷ ᠳᠡᠰ ᠤᠨ ᠤᠷᠤᠯᠳᠤᠭᠠᠨ ᠬᠦᠷᠲᠡᠯ᠎ᠡ ᠪᠦᠷ ᠶᠠᠪᠤᠭᠳᠠᠭᠤᠯᠵᠤ ᠴᠢᠳᠠᠨ᠎ᠠ᠃ ᠪᠢᠳᠠ ᠤᠳᠦ | ᠪᠠᠰᠠ ᠤᠬᠠᠭᠤᠯᠭ᠎ᠠ ᠶᠢᠨ ᠠᠵᠢᠯᠯᠠᠭ᠎ᠠ ᠪᠠ ᠪᠠᠶᠠᠷ ᠳᠤᠷᠠᠰᠬᠠᠯ ᠤᠨ ᠠᠵᠢᠯᠯᠠᠭ᠎ᠠ ᠨᠤᠭᠤᠳ ᠢ ᠡᠬᠢᠯᠡᠨ ᠬᠢᠵᠦ ᠂ | ᠮᠡᠶᠢᠷᠡᠨ ᠬᠦᠨᠳᠡᠢ ᠢ ᠭᠠᠳᠠᠭᠰᠢ ᠤᠬᠠᠭᠤᠯᠪᠠ᠃ ᠪᠦᠬᠦ᠋ᠢᠯᠡ ᠮᠥᠰᠥ ᠴᠠᠰᠤᠨ ᠤ ᠵᠢᠭᠤᠯᠴᠢᠯᠠᠯ ᠨᠢ ᠪᠡᠶ᠎ᠡ ᠶᠢᠨ ᠲᠠᠮᠢᠷ | ᠪᠠ ᠵᠢᠭᠤᠯᠴᠢᠯᠠᠯ ᠢ ᠤᠶᠠᠯᠳᠤᠭᠤᠯᠵᠤ᠂ ᠮᠡᠶᠢᠷᠡᠨ ᠬᠦᠨᠳᠡᠢ ᠶᠢᠨ ᠪᠦᠬᠦ᠋ᠢᠯᠡ ᠴᠠᠰᠤᠨ ᠳᠤ ᠭᠤᠯᠭᠤᠬᠤ ᠲᠠᠯᠠᠪᠠᠶ ᠶᠢᠨ | ᠠᠭᠤᠯᠭ᠎ᠠ ᠶᠢ ᠨᠡᠩ ᠥᠷᠭᠡᠨ᠂ ᠨᠡᠩ ᠠᠭᠤᠯᠤᠭᠳᠠᠬᠤᠨ ᠲᠠᠢ ᠪᠣᠯᠭᠠᠵᠤ᠂ ᠵᠢᠭᠤᠯᠴᠢᠯᠠᠭᠴᠢᠳ ᠢ ᠮᠥᠰᠥ ᠴᠠᠰᠤᠨ ᠤ | ᠲᠠᠮᠢᠷ ᠤᠨ ᠬᠥᠳᠡᠯᠭᠡᠭᠡᠨ ᠢ ᠣᠶᠢᠯᠠᠭᠠᠬᠤ ᠶᠢᠨ ᠬᠠᠮᠲᠤ ᠵᠢᠭᠤᠯᠴᠢᠯᠠᠯ ᠤᠨ ᠪᠠᠶᠠᠷ ᠪᠠᠶᠠᠰᠤᠯ ᠢ ᠡᠳ᠋ᠯᠡᠭᠦᠯᠦᠨ᠎ᠡ︾ ᠭᠡᠵᠦ | ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠠᠷᠠᠳ ᠤᠨ ᠰᠦᠯᠵᠢᠶᠡᠨ ᠤ ᠥᠪᠥᠷ ᠮᠣᠩᠭᠤᠯ ᠤᠨ | ᠰᠤᠪᠠᠭ ᠤᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠭᠰᠡᠨ ᠪᠠᠶᠢᠨ᠎ᠠ᠃ | ᠮᠠᠶᠢᠷᠠᠨ ᠬᠥᠨᠳᠡᠶ ᠶᠢᠨ ᠴᠠᠰᠤᠨ ᠳᠤ ᠭᠤᠯᠭᠤᠬᠤ ᠲᠠᠯᠠᠪᠠᠶ ᠨᠢ ᠧᠦ᠋ᠷᠣᠫᠠ ᠲᠢᠪ ᠤᠨ ᠷᠣᠮᠠᠨᠲ᠋ᠢᠭ ᠴᠠᠰᠤᠨ ᠳᠤ | ᠭᠤᠯᠭᠤᠬᠤ ᠣᠶᠢᠯᠠᠭᠠᠭᠳᠠᠬᠤᠨ ᠢ ᠳᠣᠷᠣᠨᠠᠳᠠᠬᠢᠨ ᠤ ᠴᠤᠭ ᠵᠢᠪᠬᠤᠭ᠎ᠠ ᠪᠠᠷ ᠪᠢᠯᠬᠠᠭᠰᠠᠨ ᠠᠽᠢᠶ᠎ᠠ ᠶᠢᠨ | ᠥᠨᠳᠦᠷᠯᠢᠭ ᠤᠨ ᠪᠠᠶᠢᠭᠠᠯᠢ ᠶᠢᠨ ᠴᠠᠰᠤᠲᠤ ᠣᠷᠴᠢᠨ ᠲᠣᠭᠤᠷᠢᠨ ᠲᠠᠢ ᠤᠶᠠᠯᠳᠤᠭᠤᠯᠬᠤ ᠶᠢᠨ ᠬᠠᠮᠲᠤ᠂ ᠤᠯᠤᠰ ᠤᠨ | ᠲᠠᠰ ᠤᠨ ᠤᠷᠤᠯᠳᠤᠭᠠᠨ᠂ ᠠᠵᠢᠯ ᠤᠨ ᠴᠢᠯᠥᠭᠡᠨ ᠤ ᠳᠤᠷ᠎ᠠ ᠪᠠᠬ᠎ᠠ ᠲᠠᠢ ᠬᠥᠮᠦᠰ ᠵᠢᠴᠢ ᠬᠡᠷ ᠪᠦᠯᠢ ᠪᠠᠷ ᠢᠶᠠᠨ | ᠠᠮᠠᠷᠠᠯᠲᠠ ᠥᠩᠭᠡᠷᠡᠭᠡᠬᠦ ᠣᠯᠠᠨ ᠵᠦᠶᠯ ᠤᠨ ᠬᠡᠷᠡᠭᠴᠡᠭᠡ ᠶᠢ ᠬᠠᠩᠭᠠᠵᠤ᠂ ︽ᠳᠣᠷᠣᠨᠠᠳᠠᠬᠢᠨ ᠤ ᠴᠠᠰᠤᠲᠤ ᠲᠠᠯ᠎ᠠ ᠶᠢᠨ | ᠠᠷᠢᠭᠤᠨ ᠣᠷᠣᠨ︾ ᠬᠡᠮᠡᠭᠳᠡᠭᠰᠡᠨ ᠪᠠᠶᠢᠨ᠎ᠠ᠃ 2019 ᠣᠨ ᠤ 12 ᠰᠠᠷ᠎ᠠ ᠶᠢᠨ 27 ᠤ ᠡᠳᠦᠷ ᠠᠴᠠ 30 ᠤ | ᠡᠳᠦᠷ ᠪᠣᠯᠲᠠᠯ᠎ᠠ᠂ ᠮᠡᠶᠢᠷᠡᠨ ᠬᠦᠨᠳᠡᠢ ᠶᠢᠨ ᠴᠠᠰᠤᠨ ᠳᠤ ᠭᠤᠯᠭᠤᠬᠤ ᠲᠠᠯᠠᠪᠠᠶ ᠠᠷᠪᠠᠨ ᠳᠥᠷᠪᠡᠳᠦᠭᠡᠷ | ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠥᠨᠳᠥᠷ ᠠᠭᠤᠯᠠ ᠶᠢᠨ | ᠴᠠᠰᠤᠨ ᠳᠤ ᠭᠤᠯᠭᠤᠬᠤ ᠤᠷᠤᠯᠳᠤᠭᠠᠨ ᠢ ᠠᠮᠵᠢᠯᠲᠠᠲᠠᠶ ᠡᠷᠭᠢᠯᠡᠪᠡ᠃ ︽ᠠᠷᠪᠠᠨ ᠳᠦᠷᠪᠡᠳᠦᠭᠡᠷ ᠡᠪᠦᠯ︾ ᠤᠨ | ᠬᠤᠪᠢᠶᠠᠷᠢ ᠤᠷᠤᠯᠳᠤᠭᠠᠨ ᠤ ᠲᠠᠯᠠᠪᠤᠷ ᠤᠨ ᠨᠢᠭᠡ ᠪᠣᠯᠤᠭᠰᠠᠨ ᠤ ᠬᠤᠪᠢ ᠳᠤ᠂ ᠮᠡᠶᠢᠷᠡᠨ ᠬᠦᠨᠳᠡᠢ ᠶᠢᠨ ᠴᠠᠰᠤᠨ ᠳᠤ | ᠭᠤᠯᠭᠤᠬᠤ ᠲᠠᠯᠠᠪᠠᠶ ᠨᠢ ᠥᠨᠳᠥᠷ ᠠᠭᠤᠯᠠ ᠶᠢᠨ ᠴᠠᠰᠤᠨ ᠳᠤ ᠭᠤᠯᠭᠤᠬᠤ ᠪᠠ ᠲᠠᠩ ᠴᠠᠨ᠎ᠠ ᠪᠠᠷ ᠴᠠᠨᠠᠯᠠᠬᠤ 2 ᠶᠡᠭᠡ | ᠲᠥᠷᠥᠯ 9 ᠪᠠᠭ᠎ᠠ ᠲᠥᠷᠥᠯ ᠤᠨ ᠤᠷᠤᠯᠳᠤᠭᠠᠨ ᠤ ᠡᠭᠦᠷᠭᠡ ᠶᠢ ᠡᠭᠦᠷᠭᠡᠯᠡᠵᠦ ᠪᠣᠶ᠃ | 2022 ᠣᠨ ᠳᠤ ᠡᠪᠦᠯ ᠤᠨ ᠣᠯᠧᠮᠫᠢᠺ ᠴᠤᠭᠯᠠᠭᠠᠨ ᠬᠦᠷᠴᠦ ᠢᠷᠡᠬᠦ ᠶᠢ ᠳᠠᠭᠠᠯᠳᠤᠨ᠂ ᠴᠠᠰᠤᠨ ᠳᠤ | ᠭᠤᠯᠭᠤᠬᠤ ᠡᠨᠡ ᠬᠦ ᠲᠠᠮᠢᠷ ᠤᠨ ᠬᠥᠳᠡᠯᠭᠡᠭᠡᠨ ᠨᠢ ᠪᠠᠰᠠ ᠨᠢᠭᠡ ᠤᠳᠠᠭ᠎ᠠ ᠬᠥᠮᠦᠰ ᠤᠨ ᠠᠩᠬᠠᠷᠤᠯ ᠢ ᠲᠠᠲᠠᠪᠠ᠃ ︽ | ᠳᠣᠷᠣᠨᠠᠳᠠᠬᠢᠨ ᠤ ᠴᠠᠰᠤᠲᠤ ᠲᠠᠯ᠎ᠠ ᠶᠢᠨ ᠠᠷᠢᠭᠤᠨ ᠣᠷᠣᠨ︾ ᠬᠡᠮᠡᠭᠳᠡᠭᠰᠡᠨ ᠮᠡᠶᠢᠷᠡᠨ ᠬᠥᠨᠳᠡᠶ ᠶᠢᠨ ᠴᠠᠰᠤᠨ ᠳᠤ | ᠭᠤᠯᠭᠤᠬᠤ ᠲᠠᠯᠠᠪᠠᠶ ᠨᠢ ᠬᠤᠤᠰ ᠥᠬᠡᠶ ᠰᠠᠶᠢᠬᠠᠨ ᠴᠠᠰᠤᠲᠤ ᠠᠭᠤᠯᠠ ᠶᠢᠨ ᠭᠠᠵᠠᠷ ᠤᠨ ᠪᠠᠶᠢᠴᠠ ᠵᠢᠴᠢ ᠤᠯᠠᠷᠢᠯ | ᠪᠦᠷᠢ ᠶᠢᠨ ᠳᠤᠮᠳᠠᠴᠢ ᠠᠭᠠᠷ ᠤᠨ ᠳᠤᠯᠠᠭᠠᠨ ᠲᠡᠭ ᠠᠴᠠ ᠳᠣᠷᠣᠭᠰᠢ 20 ᠭᠷᠠᠳᠦ᠋ᠰ ᠣᠷᠴᠢᠮ ᠤᠨ | ᠳᠠᠪᠠᠭᠤᠯᠢᠭ ᠠᠴᠠ ᠪᠣᠯᠵᠣ᠂ ᠠᠳᠡ ᠵᠢᠯ ᠪᠦᠷᠢ 150 ᠡᠳᠦᠷ ᠤᠨ ᠴᠠᠰᠤᠲᠤ ᠤᠯᠠᠷᠢᠯ ᠤᠨ ᠨᠡᠭᠡᠭᠡᠯᠲᠡ ᠶᠢᠨ ᠴᠠᠭ ᠢ | ᠡᠳ᠋ᠯᠡᠵᠦ ᠪᠠᠶᠢᠳᠠᠭ᠃ ᠴᠠᠰᠤᠨ ᠳᠤ ᠭᠤᠯᠭᠤᠬᠤ ᠤᠯᠠᠷᠢᠯ ᠪᠣᠯᠬᠤ ᠪᠦᠷᠢ᠂ ᠪᠦᠬᠦ ᠤᠯᠤᠰ ᠤᠨ ᠡᠯ᠎ᠡ ᠭᠠᠵᠠᠷ ᠠᠴᠠ | ᠢᠷᠡᠭᠰᠡᠨ ᠬᠥᠮᠦᠰ ᠪᠦᠷ ᠠᠳᠡ ᠢᠷᠡᠵᠦ᠂ ᠴᠠᠰᠤᠨ ᠳᠤ ᠭᠤᠯᠭᠤᠬᠤ ᠰᠡᠳᠡᠯᠲᠡ ᠲᠠᠢ ᠠᠶᠠᠯᠠᠯ ᠢ ᠡᠳ᠋ᠯᠡᠳᠡᠭ᠃ | | | | |