ᠬᠠᠷᠠᠴᠢᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︵ᠵᠠᠰᠠᠭ ᠤᠨ ᠣᠷᠳᠣᠨ︶ ᠶᠢᠨ ᠪᠠᠶᠢᠭᠤᠯᠤᠮᠵᠢ ᠶᠢᠨ ᠡᠭᠦᠷᠭᠡ ᠴᠢᠳᠠᠪᠤᠷᠢ
ᠨᠡᠶᠢᠲᠡᠯᠡᠭᠰᠡᠨ ᠴᠠᠭ᠄
2022/3/16
ᠬᠠᠷᠠᠴᠢᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︵ᠵᠠᠰᠠᠭ ᠤᠨ ᠣᠷᠳᠣᠨ︶ ᠶᠢᠨ ᠪᠠᠶᠢᠭᠤᠯᠤᠮᠵᠢ ᠶᠢᠨ ᠡᠭᠦᠷᠭᠡ ᠴᠢᠳᠠᠪᠤᠷᠢ    ︵ᠨᠢᠭᠡ︶ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠨ ᠠᠶᠤᠯᠭᠦᠶ ᠦᠢᠯᠡᠳᠪᠦᠷᠢᠯᠷᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠵᠡᠷᠭᠡ ᠭᠡᠨᠡᠳᠲᠡ ᠶᠢᠨ ᠬᠡᠷᠡᠭ ᠢ ᠠᠷᠭᠠᠴᠠᠬᠤ ᠪᠠ ᠭᠠᠮᠰᠢᠭ ᠢ ᠶᠡᠷᠦᠩᠬᠡᠶᠢᠯᠡᠨ ᠰᠡᠷᠭᠡᠶᠢᠯᠡᠵᠦ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠬᠠᠤ ᠠᠵᠢᠯ ᠢ ᠵᠢᠯᠣᠭᠤᠳᠤᠨ᠎ᠠ᠃ ᠪᠥᠬᠦ ᠬᠤᠰᠢᠭᠤᠨ ᠤ ᠠᠶᠤᠯ ᠥᠬᠡᠶ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠪᠠ ᠬᠠᠮᠢᠶ᠎ᠠ ᠪᠥᠬᠦᠶ ᠦᠢᠯᠡᠳᠪᠦᠷᠢ ᠠᠭᠤᠷᠬᠠᠶ ᠠᠷᠠᠯᠵᠢᠶ᠎ᠠ ᠬᠤᠳᠠᠯᠳᠤᠭᠠᠨ ᠤ ᠠᠵᠢᠯ ᠲᠥᠷᠥᠯ ᠤᠨ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵ᠬᠤᠶᠠᠷ︶ ᠲᠥᠪ ᠦᠨ ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ᠂ ᠬᠤᠰᠢᠭᠤᠨ ᠤ ᠠᠶᠤᠯ ᠥᠬᠡᠶ ᠦᠢᠯᠡᠳᠪᠦᠷᠢᠯᠡᠯ ᠤᠨ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠠ ᠬᠤᠯᠪᠣᠭᠳᠠᠯ ᠪᠥᠬᠦᠶ ᠠᠶᠤᠯ ᠥᠬᠡᠶ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠰᠠᠯᠠᠭ᠎ᠠ ᠮᠥᠴᠢᠷ ᠤᠨ ᠲᠦᠷᠢᠮ ᠲᠣᠭᠲᠠᠭᠠᠯ ᠵᠢᠴᠢ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠪᠦᠭᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠵᠠᠳᠠᠯᠤᠨ ᠵᠢᠱᠢᠵᠦ᠂ ᠠᠶᠤᠯᠭᠦᠶ ᠦᠢᠯᠡᠳᠪᠦᠷᠢᠯᠡᠯ ᠤᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ ᠃    ︵ᠭᠤᠷᠪᠠ︶ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯᠭᠦᠶ ᠦᠶ᠋ᠯᠡᠳᠪᠦᠷᠢᠯᠡᠯ ᠪᠠ ᠶᠡᠷᠦᠩᠬᠡᠶᠢᠯᠡᠭᠰᠡᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃    ︵ᠳᠥᠷᠪᠡ︶ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠲᠥᠰᠦᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠴᠤ᠂ ᠤᠯᠤᠰ ᠤᠨ ᠠᠳᠡᠯ ᠭᠠᠮᠰᠢᠭ ᠪᠠ ᠪᠠᠶᠢᠭᠠᠯᠢ ᠶᠢᠨ ᠭᠠᠮᠰᠢᠭ ᠢ ᠲᠠᠰ ᠬᠤᠪᠢᠶᠠᠨ ᠠᠷᠭᠠᠴᠠᠬᠤ ᠲᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠷᠠᠴᠢᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠲᠥᠰᠦᠯ ᠪᠠ ᠠᠶᠤᠯ ᠥᠬᠡᠶ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠶ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠵᠣᠯᠭᠠᠭᠤᠯᠬᠤ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠬᠠᠮᠢᠶ᠎ᠠ ᠪᠥᠬᠦᠶ ᠪᠡᠯᠡᠳᠬᠡᠯ ᠲᠥᠰᠦᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃    ︵ᠲᠠᠪᠤ︶ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠬᠠᠷᠠᠴᠢᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠲᠦᠷᠦᠭᠦᠯᠡᠨ ᠪᠠᠶᠢᠭᠤᠯᠵᠤ᠂ ᠮᠡᠳᠡᠭᠡ ᠵᠠᠩᠭᠢ ᠳᠠᠮᠵᠢᠭᠤᠯᠬᠤ ᠠᠷᠭ᠎ᠠ ᠵᠠᠮ ᠤᠨ ᠲᠥᠯᠥᠪᠵᠢᠭᠦᠯᠭᠡ ᠪᠠ ᠪᠠᠶᠢᠷᠢᠰᠢᠭᠤᠯᠤᠯᠲᠠ ᠶᠢᠨ ᠠᠵᠢᠯ ᠢ ᠳᠥᠯᠭᠢᠨ ᠠᠬᠢᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ ᠮᠡᠳᠡᠭᠦᠯᠬᠦ ᠲᠦᠷᠢᠮ ᠢ ᠪᠠᠶᠢᠭᠤᠯᠤᠨ᠂ ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠤᠯᠬᠤ ᠪᠠ ᠬᠠᠮᠲᠤ ᠪᠠᠷ ᠡᠳ᠋ᠯᠡᠬᠦ ᠲᠣᠭᠲᠠᠴᠠ ᠶᠢ ᠪᠦᠷᠢᠨᠰᠢᠬᠦᠯᠵᠦ᠂ ᠭᠠᠮᠰᠢᠭ ᠤᠨ ᠪᠠᠶᠢᠳᠠᠯ ᠵᠢᠴᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠᠶᠢᠳᠠᠯ ᠢ ᠬᠠᠤᠯᠢ ᠶᠣᠰᠣᠭᠠᠷ ᠨᠡᠶᠢᠲᠡᠯᠡᠨ᠎ᠡ᠃    ︵ᠵᠢᠷᠭᠤᠭ᠎ᠠ︶ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠵᠡᠷᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ ᠵᠢᠯᠣᠭᠤᠳᠴᠤ ᠵᠣᠬᠢᠴᠠᠭᠤᠯᠤᠨ᠂ ᠬᠠᠷᠠᠴᠢᠨ ᠬᠤᠰᠢᠭᠤᠨ ᠤ ᠬᠦᠨᠳᠦ ᠶᠡᠭᠡ ᠭᠠᠮᠰᠢᠭ ᠢ ᠠᠷᠭᠠᠴᠠᠬᠤ ᠵᠢᠯᠣᠭᠤᠳᠬᠤ ᠭᠠᠵᠠᠷ ᠤᠨ ᠠᠵᠢᠯ ᠢ ᠡᠭᠦᠷᠭᠡᠯᠡᠵᠦ᠂ ᠭᠡᠨᠡᠳᠲᠡ ᠶᠢᠨ ᠬᠡᠷᠡᠭ ᠤᠨ ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ ᠰᠤᠳᠤᠯᠤᠨ ᠮᠠᠭᠠᠳᠯᠠᠬᠤ ᠶᠢᠨ ᠬᠠᠮᠲᠤ ᠠᠷᠭᠠᠴᠠᠬᠤ ᠰᠠᠨᠠᠭᠤᠯᠭ᠎ᠠ ᠳᠤᠷᠠᠳᠴᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠬᠠᠷᠢᠭᠤᠴᠠᠯᠭᠠᠲᠠᠨ ᠢ ᠬᠠᠪᠰᠤᠷᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃    ︵ᠳᠣᠯᠤᠭ᠎ᠠ︶ ᠡᠷᠬᠡ ᠮᠡᠳᠡᠯ ᠤᠨ ᠬᠡᠪᠴᠢᠶ᠎ᠡ ᠶᠣᠰᠣᠭᠠᠷ ᠪᠥᠬᠦ ᠬᠤᠰᠢᠭᠤᠨ ᠤ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠶ ᠮᠡᠷᠭᠡᠵᠢᠯ ᠤᠨ ᠡᠩᠨᠡᠭᠡ ᠶᠢ ᠵᠣᠬᠢᠴᠠᠭᠤᠯᠤᠨ ᠵᠢᠯᠣᠭᠤᠳᠴᠤ᠂ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠶᠢ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠵᠢᠯᠣᠭᠤᠳᠬᠤ ᠲᠠᠪᠴᠠᠩ ᠤᠨ ᠭᠠᠯ ᠤᠨᠲᠠᠷᠠᠭᠠᠬᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠡᠩᠨᠡᠭᠡ ᠶᠢ ᠵᠣᠯᠭᠠᠭᠤᠯᠬᠤ ᠶᠢ ᠠᠬᠢᠭᠤᠯᠵᠤ᠂ ᠴᠢᠯᠥᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠠᠵᠢᠯ ᠳᠤ ᠣᠷᠣᠯᠴᠠᠨ᠎ᠠ᠃    ︵ᠨᠠᠢᠮᠠ︶ ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠵᠢᠯᠣᠭᠤᠳᠴᠤ᠂ ᠲᠤᠰᠢᠶᠠᠯ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ ᠶᠣᠰᠣᠭᠠᠷ ᠣᠢ ᠰᠢᠭᠤᠶ ᠪᠠ ᠨᠤᠲᠤᠭ ᠪᠡᠯᠴᠢᠭᠡᠷ ᠤᠨ ᠭᠠᠯ ᠲᠦᠢᠮᠡᠷ ᠢ ᠤᠨᠲᠠᠷᠠᠭᠠᠬᠤ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠪᠠ ᠭᠠᠵᠠᠷ ᠤᠨ ᠭᠠᠮᠰᠢᠭ ᠠᠴᠠ ᠠᠪᠤᠷᠠᠬᠤ᠂ ᠦᠢᠯᠡᠳᠪᠦᠷᠢᠯᠡᠯ ᠤᠨ ᠠᠶᠤᠯᠭᠦᠶ ᠶᠢᠨ ᠠᠳᠡᠯ ᠠᠴᠠ ᠠᠪᠤᠷᠠᠬᠤ ᠵᠡᠷᠭᠡ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠤᠰᠬᠠᠶ ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠪᠦᠭᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢ ᠬᠠᠮᠢᠶᠠᠷᠴᠤ᠂ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶ ᠵᠢᠴᠢ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠠᠬᠢᠭᠤᠯᠤᠨ᠎ᠠ᠃    ︵ᠶᠢᠰᠦ︶ ᠪᠥᠬᠦ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠤᠨ ᠭᠠᠮᠰᠢᠭ᠂ ᠤᠰᠤ ᠭᠠᠩ ᠤᠨ ᠭᠠᠮᠰᠢᠭ᠂ ᠭᠠᠵᠠᠷ ᠬᠥᠳᠡᠯᠦᠯᠲᠡ ᠪᠠ ᠭᠠᠵᠠᠷ ᠤᠨ ᠭᠠᠮᠰᠢᠭ ᠵᠡᠷᠭᠡ ᠶᠢ ᠰᠡᠷᠭᠡᠶᠢᠯᠡᠨ ᠵᠠᠰᠠᠬᠤ ᠠᠵᠢᠯ ᠢ ᠵᠣᠬᠢᠴᠠᠭᠤᠯᠤᠨ ᠵᠢᠯᠣᠭᠤᠳᠴᠤ᠂ ᠪᠥᠬᠦ ᠬᠤᠰᠢᠭᠤᠨ ᠤ ᠪᠠᠶᠢᠭᠠᠯᠢ ᠶᠢᠨ ᠭᠠᠮᠰᠢᠭ ᠢ ᠶᠡᠷᠦᠩᠬᠡᠶᠢᠯᠡᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠬᠠᠷᠢᠭᠤᠴᠠᠨ᠂ ᠪᠥᠬᠦ ᠬᠤᠰᠢᠭᠤᠨ ᠤ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃    ︵ᠠᠷᠪᠠ︶ ᠡᠷᠬᠡ ᠮᠡᠳᠡᠯ ᠤᠨ ᠬᠡᠪᠴᠢᠶ᠎ᠡ ᠶᠣᠰᠣᠭᠠᠷ ᠭᠠᠯ ᠤᠨᠲᠠᠷᠠᠭᠠᠬᠤ ᠳᠤ ᠬᠢᠨᠠᠯᠲᠠ ᠲᠠᠯᠪᠢᠬᠤ᠂ ᠭᠠᠯ ᠤᠨ ᠠᠶᠤᠯ ᠢ ᠤᠷᠢᠳᠴᠢᠯᠠᠨ ᠰᠡᠷᠭᠡᠶᠢᠯᠡᠬᠦ᠂ ᠭᠠᠯ ᠤᠨᠲᠠᠷᠠᠭᠠᠵᠤ ᠠᠶᠤᠯ ᠠᠴᠠ ᠠᠪᠤᠷᠠᠬᠤ ᠵᠡᠷᠭᠡ ᠠᠵᠢᠯ ᠢ ᠵᠣᠬᠢᠴᠠᠭᠤᠯᠤᠨ᠎ᠠ᠃    ︵ᠠᠷᠪᠠᠨ ᠨᠢᠭᠡ︶ ᠭᠠᠮᠰᠢᠭ ᠠᠴᠠ ᠲᠡᠩᠬᠡᠷᠡᠭᠦᠯᠦᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠬᠤ᠂ ᠳᠡᠭᠡᠭᠰᠢ ᠮᠡᠳᠡᠭᠦᠯᠬᠦ᠂ ᠬᠤᠬᠢᠷᠠᠯ ᠢ ᠦᠨᠡᠯᠡᠨ ᠵᠢᠱᠢᠬᠦ᠂ ᠭᠠᠮᠰᠢᠭ ᠠᠴᠠ ᠠᠪᠤᠷᠠᠬᠤ ᠶᠢᠨ ᠲᠤᠰᠠᠯᠠᠨ ᠬᠦᠷᠭᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠭᠠᠮᠰᠢᠭ ᠠᠴᠠ ᠠᠪᠤᠷᠠᠬᠤ ᠵᠣᠭᠤᠰ ᠮᠥᠩᠭᠦ᠂ ᠪᠠᠷᠠᠭ᠎ᠠ ᠶᠢ ᠬᠠᠮᠢᠶᠠᠷᠬᠤ ᠪᠠ ᠬᠤᠪᠢᠶᠠᠷᠢᠯᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠯᠡᠨ᠎ᠡ᠃    ︵ᠠᠷᠪᠠᠨ ᠬᠤᠶᠠᠷ︶ ᠬᠠᠷᠠᠴᠢᠨ ᠬᠤᠰᠢᠭᠤᠨ ᠤ ᠠᠶᠤᠯ ᠥᠬᠡᠶ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠡᠷᠬᠡ ᠲᠤᠰᠢᠶᠠᠯ ᠢ ᠬᠠᠤᠯᠢ ᠶᠣᠰᠣᠭᠠᠷ ᠬᠡᠷᠡᠭᠵᠢᠭᠦᠯᠵᠦ᠂ ᠬᠤᠰᠢᠭᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠠᠶᠤᠯ ᠥᠬᠡᠶ ᠦᠢᠯᠡᠳᠪᠦᠷᠢᠯᠡᠯ ᠤᠨ ᠠᠵᠢᠯ ᠢ ᠵᠢᠯᠣᠭᠤᠳᠤᠨ ᠵᠣᠬᠢᠴᠠᠭᠤᠯᠵᠤ᠂ ᠬᠢᠨᠠᠯᠲᠠ ᠲᠠᠯᠪᠢᠨ ᠪᠠᠶᠢᠴᠠᠭᠠᠵᠤ᠂ ᠠᠶᠤᠯ ᠥᠬᠡᠶ ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠬᠤ᠂ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ︵ᠠᠷᠪᠠᠨ ᠭᠤᠷᠪᠠ︶ ᠱᠠᠳᠤ ᠬᠤᠪᠢᠶᠠᠬᠤ᠂ ᠬᠠᠷᠢᠶ᠎ᠠ ᠭᠠᠵᠠᠷ ᠲᠤᠨᠢ ᠬᠠᠷᠢᠶᠠᠯᠠᠭᠤᠯᠬᠤ ᠵᠠᠷᠴᠢᠮ ᠦᠨ ᠶᠣᠰᠣᠭᠠᠷ᠂ ᠦᠢᠯᠡᠳᠪᠦᠷᠢ ᠠᠭᠤᠷᠬᠠᠶ ᠬᠤᠳᠠᠯᠳᠤᠭ᠎ᠠ ᠠᠷᠠᠯᠵᠢᠶᠠᠨ ᠦ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠥᠭᠡᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠵᠢᠴᠢ ᠠᠶᠤᠯ ᠥᠭᠡᠢ ᠦᠢᠯᠡᠳᠪᠦᠷᠢᠯᠡᠯ ᠤᠨ ᠨᠥᠬᠦᠴᠡᠯ ᠪᠣᠯᠤᠨ ᠬᠤᠯᠪᠣᠭᠳᠠᠯ ᠪᠥᠬᠦᠢ ᠲᠥᠬᠦᠭᠡᠷᠦᠮᠵᠢ ︵ᠤᠨᠴᠠ ᠲᠦᠷᠦᠯ ᠦᠨ ᠲᠤᠨᠤᠭ ᠲᠥᠬᠦᠭᠡᠷᠦᠮᠵᠢ ᠠᠴᠠ ᠭᠠᠳᠠᠨ᠎ᠠ︶᠂ ᠮᠠᠲᠠᠸᠠᠷᠢᠶᠠᠯ ᠂ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠤᠨ ᠠᠶᠤᠯ ᠥᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ  ᠲᠤ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠨ᠎ᠠ᠃ ᠠᠶᠤᠯᠭᠦᠶ ᠦᠢᠯᠡᠳᠪᠦᠷᠢᠯᠡᠯ ᠤᠨ ᠵᠥᠪᠰᠢᠶᠡᠷᠡᠯ ᠤᠨ ᠲᠦᠷᠢᠮ ᠢ ᠬᠠᠤᠯᠢ ᠶᠣᠰᠣᠭᠠᠷ ᠵᠣᠬᠢᠶᠠᠨ ᠪᠠᠶᠢᠭᠤᠯᠬᠤ ᠶᠢᠨ ᠬᠠᠮᠲᠤ ᠵᠢᠯᠣᠭᠤᠳᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠬᠤᠸᠠᠷ ᠫᠤᠤᠵᠢᠩ ᠤᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵ᠠᠷᠪᠠᠨ ᠳᠥᠷᠪᠡ︶ ᠪᠥᠬᠦ ᠬᠤᠰᠢᠭᠤᠨ ᠤ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠪᠠᠶᠢᠴᠠᠭᠠᠨ ᠰᠢᠢᠳᠪᠦᠷᠢᠯᠡᠬᠦ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠵᠢᠯᠣᠭᠤᠳᠴᠤ᠂ ᠠᠳᠡᠯ ᠢ ᠪᠠᠶᠢᠴᠠᠭᠠᠨ ᠰᠢᠢᠳᠪᠦᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ  ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠨ᠎ᠠ᠃ ᠪᠠᠶᠢᠭᠠᠯᠢ ᠶᠢᠨ ᠭᠠᠮᠰᠢᠭ ᠤᠨ ᠲᠦᠷᠦᠯ ᠤᠨ ᠭᠡᠨᠡᠳᠲᠡ ᠶᠢᠨ ᠬᠡᠷᠡᠭ ᠢ ᠪᠠᠶᠢᠴᠠᠭᠠᠵᠤ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ︵ᠠᠷᠪᠠᠨ ᠲᠠᠪᠤ︶ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡᠯᠡᠯᠲᠡ ᠪᠠ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠰᠢᠭᠤᠨ ᠤ ᠠᠮᠤ ᠪᠤᠳᠠᠭ᠎ᠠ ᠪᠠ ᠡᠳ᠋ ᠪᠣᠳᠠᠰ ᠤᠨ ᠨᠥᠭᠡᠴᠡᠯᠡᠯᠲᠡ ᠶᠢᠨ ᠰᠠᠯᠠᠭ᠎ᠠ ᠮᠥᠴᠢᠷ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠮᠡᠳᠡᠭᠡ ᠵᠠᠩᠭᠢ ᠶᠢᠨ ᠲᠠᠪᠴᠠᠩ ᠪᠠ ᠰᠢᠯᠵᠢᠭᠦᠯᠦᠨ ᠥᠭᠬᠦ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠭᠠᠮᠰᠢᠭ ᠠᠴᠠ ᠠᠪᠤᠷᠠᠬᠤ ᠳᠠᠭᠠᠨ ᠨᠢᠭᠡᠳᠦᠯᠲᠡᠶ ᠳᠣᠭᠢᠷᠠᠭᠤᠯᠤᠨ᠎ᠠ᠃    ︵ᠠᠷᠪᠠᠨ ᠵᠢᠷᠭᠤᠭ᠎ᠠ︶ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯ ᠥᠬᠡᠶ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠪᠠ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯ ᠥᠬᠡᠶ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ᠂ ᠳᠡᠯᠭᠡᠷᠡᠭᠦᠯᠦᠨ ᠬᠡᠷᠡᠭᠯᠡᠬᠦ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃    ︵ᠠᠷᠪᠠᠨ ᠳᠣᠯᠤᠭ᠎ᠠ︶ ᠪᠥᠬᠦ ᠬᠤᠰᠢᠭᠤᠨ ᠤ ᠭᠡᠨᠡᠳᠲᠡ ᠶᠢᠨ ᠬᠡᠷᠡᠭ ᠢ ᠠᠷᠭᠠᠴᠠᠬᠤ ᠠᠵᠢᠯ ᠵᠢᠴᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠥᠰᠦᠯ᠂ ᠪᠠᠶᠢᠭᠤᠯᠤᠮᠵᠢ᠂ ᠲᠣᠭᠲᠠᠴᠠ ᠪᠠ ᠬᠠᠤᠯᠢ ᠲᠦᠷᠢᠮ ᠤᠨ ᠪᠠᠶᠢᠭᠤᠯᠤᠯᠲᠠ ᠶᠢ ᠲᠥᠯᠥᠪᠵᠢᠭᠦᠯᠬᠦ᠂ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠵᠢᠯᠣᠭᠤᠳᠬᠤ᠂ ᠪᠠᠶᠢᠴᠠᠭᠠᠬᠤ ᠶᠢ ᠬᠠᠷᠢᠭᠤᠴᠠᠨ᠎ᠠ᠃    ︵ᠠᠷᠪᠠᠨ ᠨᠠᠢ᠌ᠮᠠ ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号