ᠵᠢᠨᠱᠠᠨ ᠪᠠᠯᠭᠠᠰᠤ᠄ ᠴᠢᠩᠭ᠎ᠠ ᠬᠢᠨᠠᠯᠲᠠ ᠲᠠᠯᠪᠢᠵᠤ ᠬᠢᠵᠢᠭ ᠦᠨ ᠪᠠᠢᠳᠠᠯ ᠢ ᠡᠷᠡᠰ ᠲᠡᠪᠴᠢᠨ᠎ᠡ
ᠨᠡᠶᠢᠲᠡᠯᠡᠭᠰᠡᠨ ᠴᠠᠭ᠄
2022/3/2
 ᠵᠢᠨᠱᠠᠨ ᠪᠠᠯᠭᠠᠰᠤ᠄ ᠴᠢᠩᠭ᠎ᠠ ᠬᠢᠨᠠᠯᠲᠠ ᠲᠠᠯᠪᠢᠵᠤ ᠬᠢᠵᠢᠭ ᠦᠨ ᠪᠠᠢᠳᠠᠯ ᠢ ᠡᠷᠡᠰ ᠲᠡᠪᠴᠢᠨ᠎ᠡ  ︽ᠮᠠᠨ ᠤ ᠲᠣᠰᠬᠤᠨ ᠤ ᠬᠢᠨ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠰᠦᠯᠵᠢᠶᠡᠨ ᠤ ᠠᠵᠢᠯᠲᠠᠨ ᠡᠳᠦᠷ ᠪᠦᠷᠢ ᠭᠠᠳᠠᠭᠰᠢ ᠭᠠᠷᠴᠤ ᠨᠤᠲᠤᠭ ᠲᠠᠭᠠᠨ ᠪᠤᠴᠠᠭᠰᠠᠨ ᠬᠥᠮᠦᠰ ᠢ ᠪᠥᠬᠦ ᠲᠠᠯ᠎ᠠ ᠪᠠᠷ ᠪᠠᠶᠢᠴᠠᠭᠠᠵᠤ᠂ ᠨᠤᠲᠤᠭ ᠲᠠᠭᠠᠨ ᠪᠤᠴᠠᠭᠰᠠᠨ ᠬᠥᠮᠦᠰ ᠤᠨ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ ᠪᠠᠶᠢᠨ᠎ᠠ᠃ ᠡᠩ ᠤᠨ ᠦᠶ᠎ᠡ ᠶᠢᠨ ᠠᠵᠢᠯ ᠤᠨ ᠳᠤᠮᠳᠠ ᠪᠠᠨ ᠪᠢᠳᠡ ᠡᠳᠦᠷ ᠪᠦᠷᠢ ᠪᠦᠷᠢᠶ᠎ᠡ ᠪᠠ ᠸᠢᠴᠠᠲ ᠤᠨ ᠪᠦᠯᠦᠭ ᠢᠶᠠᠷ ᠳᠠᠮᠵᠢᠭᠤᠯᠤᠨ ᠲᠣᠰᠬᠤᠨ ᠤ ᠠᠷᠠᠳ ᠲᠤ ᠬᠢᠵᠢᠭ ᠢ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠬᠥᠩᠭᠡᠨ ᠬᠠᠭᠤᠮᠠᠭᠠᠶ ᠪᠠᠶᠢᠵᠤ ᠪᠣᠯᠬᠤ ᠥᠬᠡᠶ᠂ ᠡᠳᠦᠷ ᠲᠤᠲᠤᠮ ᠤᠨ ᠰᠡᠷᠭᠡᠶᠢᠯᠡᠯᠲᠡ ᠶᠢ ᠰᠠᠶᠢᠲᠤᠷ ᠬᠢᠬᠦ ᠬᠡᠷᠡᠭᠲᠡᠶ ᠭᠡᠵᠦ ᠣᠯᠠᠨ ᠳᠤ ᠰᠠᠨᠠᠭᠤᠯᠳᠠᠭ︾ ᠭᠡᠵᠡᠶ᠃ ᠵᠢᠨᠱᠠᠨ ᠪᠠᠯᠭᠠᠰᠤᠨ ᠤ ᠨᠢᠦ ᠳᠧᠦ ᠭᠸᠦ ᠮᠤᠨ ᠲᠣᠰᠬᠤᠨ ᠤ ᠨᠠᠮ ᠤᠨ ᠡᠭᠦᠷ ᠤᠨ ᠱᠦᠵᠢ ᠵᠠᠩ ᠭᠦᠸᠧ ᠭᠠᠩ ᠰᠢᠪᠠᠳᠠᠨ ᠪᠠᠶᠢᠴᠠᠭᠠᠬᠤ ᠳᠤᠭᠤᠶᠢᠯᠠᠩ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠭᠰᠠᠨ ᠪᠠᠶᠢᠳᠠᠯ ᠢ ᠬᠠᠷᠢᠭᠤ ᠮᠡᠳᠡᠭᠦᠯᠵᠡᠶ᠃  ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠡᠮᠦᠨ᠎ᠡ᠂ ᠵᠢᠨᠱᠠᠨ ᠪᠠᠯᠭᠠᠰᠤ ᠶᠢᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠯᠲᠠ ᠲᠠᠯᠪᠢᠬᠤ ᠶᠢ ᠣᠳᠣᠬᠠᠨ ᠤ ᠠᠵᠢᠯ ᠤᠨ ᠢᠶᠠᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠲᠣᠮᠢᠯᠠᠨ ᠡᠯ᠎ᠡ ᠲᠣᠰᠬᠤᠨ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠢ ᠲᠦᠷᠦᠯ ᠤᠨ ᠱᠠᠯᠠᠪᠳᠠᠭᠤᠯᠤᠨ ᠪᠠᠶᠢᠴᠠᠭᠠᠯᠲᠠ ᠥᠷᠨᠢᠭᠦᠯᠵᠦ᠂ ᠪᠦᠬᠦ ᠪᠠᠯᠭᠠᠰᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠵᠠᠢ᠃    ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠬᠤ ᠬᠡᠯᠪᠡᠷᠢ ᠪᠠᠷ ᠬᠠᠷᠢᠶ᠎ᠠ ᠣᠷᠣᠨ ᠤ ᠪᠠᠨ 13 ᠵᠠᠰᠠᠭ ᠵᠠᠬᠢᠷᠭᠠᠨ ᠤ ᠲᠣᠰᠬᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠡᠭ ᠢ ᠵᠢᠵᠢᠭᠦᠷᠯᠡᠨ ᠰᠠᠬᠢᠬᠤ ᠂ ᠳᠤᠮᠳᠠ ᠠᠶᠤᠯ ᠲᠦᠭᠰᠢᠭᠦᠷᠢ ᠶᠡᠬᠡᠲᠡᠢ ᠭᠠᠵᠠᠷ ᠣᠷᠣᠨ ᠤ ᠨᠤᠲᠤᠭ ᠲᠠᠭᠠᠨ ᠪᠤᠴᠠᠭᠰᠠᠳ ᠤᠨ ᠡᠬᠡ ᠳᠠᠩᠰᠠ ᠶᠢ ᠳᠠᠩᠰᠠᠯᠠᠬᠤ᠂ ᠭᠡᠷ ᠲᠡᠭᠡᠨ ᠰᠠᠭᠤᠵᠤ ᠪᠠᠶᠢᠭ᠎ᠠ ᠡᠷᠡᠭᠦᠯ ᠮᠡᠨᠳᠦ ᠶᠢ ᠬᠢᠨᠠᠨ ᠬᠡᠮᠵᠢᠬᠦ ᠬᠥᠮᠦᠰ ᠤᠨ ᠬᠠᠮᠢᠶᠠᠷᠤᠯᠲᠠ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠨ᠎ᠡ᠃ ᠱᠠᠯᠠᠪᠳᠠᠭᠤᠯᠤᠨ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠬᠤ ᠶᠢᠨ ᠬᠠᠮᠲᠤ ︽ᠬᠡᠷᠡᠭ ᠤᠨ ᠳᠠᠷᠠᠭ᠎ᠠ ᠬᠢᠨᠠᠨ ᠬᠠᠷᠭᠤᠭᠤᠯᠬᠤ︾ ᠠᠷᠭ᠎ᠠ ᠬᠡᠯᠪᠡᠷᠢ ᠪᠠᠷ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠴᠠᠭ ᠲᠤᠨᠢ ᠲᠤᠬᠢᠷᠠᠭᠤᠯᠤᠨ ︽ᠡᠷᠭᠢᠵᠦ ᠬᠠᠷᠠᠬᠤ︾ ᠠᠵᠢᠯ ᠢ ᠬᠢᠵᠦ᠂ ᠡᠯ᠎ᠡ ᠲᠣᠰᠬᠤᠨ ᠢ ᠱᠠᠯᠠᠪᠳᠠᠭᠤᠯᠤᠨ ᠪᠠᠷᠢᠮᠵᠢᠶ᠎ᠠ ᠬᠦᠰᠦᠨᠦᠭᠲᠦ ᠲᠠᠢ ᠬᠠᠷᠭᠤᠭᠤᠯᠵᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠬᠢᠵᠢᠭ ᠦᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠠᠪᠤᠴᠠ ᠳᠤ ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ ᠦᠭᠡᠢ᠂ ᠠᠵᠢᠯ ᠬᠢᠬᠦ ᠳᠡᠭᠡᠨ ᠤᠳᠠᠭᠠᠨ᠂ ᠲᠦᠷᠢᠮ ᠲᠣᠭᠲᠠᠭᠠᠯ ᠢ ᠬᠠᠶᠢᠬᠤᠷᠬᠤ ᠦᠭᠡᠢ᠂ ᠠᠵᠢᠯ ᠤᠨ ᠪᠠᠶᠢᠷᠢ ᠠᠴᠠ ᠪᠠᠨ ᠳᠤᠷ᠎ᠠ ᠪᠠᠷ ᠢᠶᠠᠨ ᠰᠠᠯᠤᠭᠰᠠᠨ ᠺᠠᠳ᠋ᠷ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ᠡᠭᠦᠨ ᠦ ᠬᠠᠮᠲᠤ ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ ᠂ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ ᠂ ᠠᠯᠪᠠ ᠬᠠᠰᠢᠵᠤ ᠠᠮᠠ ᠪᠥᠭᠯᠡᠬᠦ ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ ᠂ ᠬᠠᠷᠢᠯᠴᠠᠨ ᠲᠦᠯᠬᠢᠯᠴᠡᠬᠦ ᠂ ᠨᠠᠵᠠᠭᠠᠶ ᠪᠠᠷ ᠠᠷᠭᠠᠴᠠᠬᠤ ᠵᠡᠷᠭᠡ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠡᠭᠦᠰᠬᠦ ᠶᠢ ᠴᠢᠩᠭ᠎ᠠ ᠰᠡᠷᠭᠡᠶᠢᠯᠡᠵᠦ ᠂ ᠬᠢᠨᠠᠯᠲᠠ ᠲᠠᠯᠪᠢᠬᠤ ᠶᠢᠨ ᠬᠠᠨᠳᠤᠯᠭᠠᠲᠤ ᠴᠢᠨᠠᠷ ᠂ ᠪᠦᠲᠦᠮᠵᠢᠲᠦ ᠴᠢᠨᠠᠷ ᠢ ᠦᠨᠡᠨ ᠬᠦ ᠴᠢᠩᠭᠠᠳᠬᠠᠵᠤ ᠂ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠦᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠨᠠᠷᠢᠯᠢᠭ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠃  ᠴᠠᠭᠠᠨ ᠰᠠᠷ᠎ᠠ ᠠᠴᠠ ᠨᠠᠰᠢ᠂ ᠵᠢᠨᠱᠠᠨ ᠪᠠᠯᠭᠠᠰᠤ ᠶᠢᠨ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ 26 ᠤᠳᠠᠭ᠎ᠠ ᠱᠠᠯᠠᠪᠳᠠᠭᠤᠯᠤᠨ ᠪᠠᠶᠢᠴᠠᠭᠠᠵᠤ᠂ ᠨᠡᠢᠢᠳᠡ 78 ᠬᠥᠮᠦᠨ ᠤᠳᠠᠭ᠎ᠠ ᠱᠠᠯᠠᠪᠳᠠᠭᠤᠯᠤᠨ ᠪᠠᠶᠢᠴᠠᠭᠠᠬᠤ ᠠᠵᠢᠯᠳᠠᠨ ᠢ ᠲᠣᠮᠢᠯᠠᠵᠤ᠂ 38 ᠠᠰᠠᠭᠤᠳᠠᠯ ᠢ ᠢᠯᠡᠷᠡᠭᠦᠯᠦᠭᠰᠡᠨ ᠪᠥᠭᠡᠳ ᠱᠠᠯᠠᠪᠳᠠᠭᠤᠯᠤᠨ ᠴᠡᠭᠴᠡᠯᠡᠨ ᠰᠠᠶᠢᠵᠢᠷᠠᠭᠤᠯᠵᠤ᠂ 26 ᠵᠤᠷᠪᠤᠰ ᠰᠠᠨᠠᠯ ᠰᠠᠨᠠᠭᠤᠯᠭ᠎ᠠ ᠳᠤᠷᠠᠳᠴᠤ᠂ ᠡᠯ᠎ᠡ ᠲᠣᠰᠬᠣᠨ ᠤ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠬᠦ ᠶᠢ ᠠᠬᠢᠭᠤᠯᠵᠤ᠂ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠦ ᠬᠥᠪᠴᠢ ᠶᠢ ᠴᠠᠭ ᠢᠮᠠᠭᠲᠠ ᠴᠢᠩᠭᠠᠷᠠᠭᠤᠯᠪᠠ᠃       
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号