ᠵᠢᠨᠱᠠᠨ ᠪᠠᠯᠭᠠᠰᠤᠨ ᠳᠤ ᠳᠥᠷᠪᠡᠳᠦᠭᠡᠷ ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠣᠳᠠᠲᠤ ᠪᠠᠶᠢᠯᠳᠤᠭᠠᠨ ᠤ ᠰᠣᠷᠢᠯᠲᠠ ᠥᠷᠨᠢᠭᠦᠯᠪᠡ
ᠨᠡᠶᠢᠲᠡᠯᠡᠭᠰᠡᠨ ᠴᠠᠭ᠄
2022/3/2
ᠵᠢᠨᠱᠠᠨ ᠪᠠᠯᠭᠠᠰᠤᠨ ᠳᠤ ᠳᠥᠷᠪᠡᠳᠦᠭᠡᠷ ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠣᠳᠠᠲᠤ ᠪᠠᠶᠢᠯᠳᠤᠭᠠᠨ ᠤ ᠰᠣᠷᠢᠯᠲᠠ ᠥᠷᠨᠢᠭᠦᠯᠪᠡ  2 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨᠡᠬᠢ 9 ᠴᠠᠭ ᠲᠤ᠂ ᠯᠦᠩ ᠱᠠᠨ ᠲᠣᠰᠬᠤᠨ ᠤ ᠨᠠᠮ ᠪᠠ ᠣᠯᠠᠨ ᠲᠦᠮᠡᠨ ᠤ ᠦᠶ᠋ᠯᠡᠴᠢᠯᠡᠭᠡᠨ ᠤ ᠲᠥᠪ ᠤᠨ ᠡᠭᠦᠳᠡᠨ ᠡᠮᠦᠨ᠎ᠡ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ ᠪᠠᠶᠢᠭ᠎ᠠ ᠣᠯᠠᠨ ᠲᠦᠮᠡᠨ ᠠᠵᠢᠯᠲᠠᠨ ᠤ ᠪᠠᠨ ᠵᠣᠬᠢᠶᠠᠨ ᠪᠠᠶᠢᠭᠤᠯᠤᠯᠲᠠ ᠳᠣᠤᠷ᠎ᠠ᠂ ᠪᠥᠬᠦ ᠶᠠᠪᠤᠴᠠ ᠳᠤ ᠠᠮᠠᠪᠴᠢ ᠵᠡᠭᠦᠵᠦ᠂ 1 ᠮᠧᠲᠷ ᠤᠨ ᠵᠠᠶ ᠶᠢ ᠪᠠᠲᠤᠯᠠᠨ᠂ ᠡᠮᠬᠢ ᠵᠢᠷᠤᠮ ᠲᠠᠢ ᠪᠠᠷ ᠲᠠᠯᠠᠪᠠᠶ ᠳᠤ ᠣᠷᠣᠵᠤ ᠳᠤᠯᠠᠭᠠᠨ ᠤ ᠬᠡᠮᠵᠢᠶ᠎ᠡ ᠶᠢ ᠬᠡᠮᠵᠢᠵᠦ᠂ ᠮᠡᠳᠡᠭᠡ ᠵᠠᠩᠭᠢ ᠶᠢᠨ ᠳᠡᠩᠰᠡᠯᠡᠯᠲᠡ ᠲᠠᠢ ᠬᠠᠮᠵᠢᠯᠴᠠᠨ ᠪᠥᠭᠡᠮ ᠬᠦᠴᠢᠯ ᠤᠨ ᠥᠯᠢᠭᠡᠷ ᠠᠪᠴᠤ᠂ ᠬᠢᠵᠢᠭ ᠤᠨᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠢ ᠶᠠᠪᠤᠭᠳᠠᠭᠤᠯᠵᠤ ᠪᠤᠢ᠃  ᠣᠳᠣᠬᠠᠨ ᠤ ᠣᠷᠣᠨ ᠤ ᠳᠣᠲᠣᠷ᠎ᠠ ᠭᠠᠳᠠᠨᠠᠬᠢ ᠬᠢᠵᠢᠭ ᠤᠨ ᠪᠠᠶᠢᠳᠠᠯ ᠳᠤ ᠴᠢᠭᠯᠡᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠠᠷᠠᠳ ᠣᠯᠠᠨ ᠤ ᠡᠷᠡᠭᠦᠯ ᠮᠡᠨᠳᠦ ᠠᠮᠤᠷ ᠲᠦᠪᠰᠢᠨ ᠢ ᠦᠨᠡᠨ ᠬᠦ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠵᠢᠨᠱᠠᠨ ᠪᠠᠯᠭᠠᠰᠤ ᠣᠯᠠᠨ ᠲᠦᠮᠡᠨ ᠢ ᠵᠣᠬᠢᠶᠠᠨ ᠪᠠᠶᠢᠭᠤᠯᠵᠤ ᠪᠠᠶᠢᠭᠠᠳ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠬᠢᠭᠰᠡᠨ ᠪᠠᠶᠢᠨ᠎ᠠ᠃  ᠥᠷᠯᠥᠭᠡ ᠶᠢᠨ 7 ᠄ 30 ᠮᠢᠨᠦ᠋ᠲ ᠲᠦ ᠂ ᠵᠢᠨᠱᠠᠨ ᠪᠠᠯᠭᠠᠰᠤᠨ ᠤ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠣᠳᠬᠤ ᠭᠠᠵᠠᠷ ᠠᠴᠠ ᠡᠯ᠎ᠡ ᠠᠵᠢᠯ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠵᠤ ᠯᠦᠩ ᠱᠠᠨ ᠲᠣᠰᠬᠣᠨ ᠤ ᠨᠠᠮ ᠪᠠ ᠣᠯᠠᠨ ᠲᠦᠮᠡᠨ ᠦ ᠦᠶᠯᠡᠴᠢᠯᠡᠭᠡᠨ ᠦ ᠲᠥᠪ ᠦᠨ ᠬᠦᠷᠢᠶᠡᠨ ᠳᠡᠬᠢ ᠪᠠᠶᠢᠴᠠᠭᠠᠨ ᠰᠢᠯᠭᠠᠬᠤ ᠴᠡᠭ ᠲᠦ ᠬᠦᠷᠦᠭᠰᠡᠨ ᠦ ᠳᠠᠷᠠᠭ᠎ᠠ ᠂ ᠥᠯᠢᠭᠡᠷ ᠠᠪᠬᠤ ᠴᠡᠭ ᠦᠨ ᠡᠷᠬᠢᠨ ᠲᠣᠭᠣᠷᠢᠨ ᠳᠤ ᠳᠠᠷᠤᠶᠢᠬᠠᠨ ᠰᠡᠷᠭᠡᠶᠢᠯᠡᠯᠲᠡ ᠬᠢᠵᠦ ᠂ ᠲᠠᠯᠠᠪᠤᠷ ᠪᠠᠶᠢᠷᠢᠯᠠᠭᠤᠯᠪᠠ ᠃ ᠠᠵᠢᠯᠲᠠᠳ ᠂ ᠰᠠᠶᠢᠨ ᠳᠤᠷ᠎ᠠ ᠶᠢᠨ ᠠᠵᠢᠯᠯᠠᠭᠰᠠᠳ ᠲᠤᠬᠠᠶ ᠶᠢᠨ ᠲᠠᠯᠠᠪᠤᠷ ᠤᠨ ᠡᠮᠬᠢ ᠳᠢᠭᠯᠢᠮ ᠢ ᠬᠠᠷᠢᠭᠤᠴᠠᠨ ᠬᠠᠮᠠᠭᠠᠯᠠᠵᠤ ᠂ ᠪᠥᠭᠡᠮ ᠬᠦᠴᠢᠯ ᠦᠨ ᠪᠠᠶᠢᠴᠠᠭᠠᠨ ᠬᠡᠮᠵᠢᠯᠲᠡ ᠬᠢᠬᠦ ᠪᠡᠷ ᠢᠷᠡᠭᠰᠡᠨ ᠣᠯᠠᠨ ᠲᠦᠮᠡᠨ ᠢ ᠮᠥᠷᠯᠡᠭᠦᠯᠬᠦ ᠂ ᠠᠷᠢᠭᠤᠳᠬᠠᠬᠤ ᠂ ᠺᠣᠳ᠋ ᠱᠦᠭᠦᠷᠳᠡᠬᠦ ᠂ ᠳᠤᠯᠠᠭᠠᠨ ᠢ ᠬᠡᠮᠵᠢᠬᠦ ᠂ ᠳᠡᠩᠰᠡᠯᠡᠨ ᠲᠡᠮᠳᠡᠭᠯᠡᠭᠦᠯᠬᠦ ᠪᠡᠷ ᠳᠣᠭᠢᠷᠠᠭᠤᠯᠤᠨ᠎ᠠ ︔ ᠡᠮᠴᠢ ᠰᠤᠪᠢᠯᠠᠭᠴᠢᠳ ᠥᠯᠢᠭᠡᠷ ᠡᠳ᠋ ᠴᠤᠭᠯᠠᠭᠤᠯᠬᠤ ᠂ ᠬᠠᠶᠠᠭᠳᠠᠮᠠᠯ ᠪᠣᠳᠠᠰ ᠢ ᠰᠢᠶᠳᠪᠦᠷᠢᠯᠡᠬᠦ ᠶᠢ ᠬᠠᠷᠢᠭᠤᠴᠠᠨ᠎ᠠ ︔ ᠠᠷᠠᠳ ᠤᠨ ᠴᠠᠭᠳᠠᠭ᠎ᠠ ᠡᠷᠭᠢᠨ ᠲᠣᠭᠣᠷᠢᠨ ᠤ ᠵᠠᠮ ᠬᠠᠷᠢᠯᠴᠠᠭ᠎ᠠ ᠂ ᠲᠡᠷᠭᠡ ᠵᠣᠭᠰᠣᠬᠤ ᠡᠮᠬᠢ ᠳᠢᠭᠯᠢᠮ ᠢ ᠬᠠᠮᠠᠭᠠᠯᠠᠬᠤ ᠠᠵᠢᠯ ᠢ ᠬᠠᠷᠢᠭᠤᠴᠠᠨ᠎ᠠ ᠃ ᠮᠥᠷᠯᠡᠬᠦ᠂ ᠺᠣᠳ᠋ ᠰᠢᠷᠪᠢᠬᠦ᠂ ᠪᠡᠶ᠎ᠡ ᠶᠢᠨ ᠳᠤᠯᠠᠭᠠᠨ ᠢ ᠰᠢᠯᠭᠠᠨ ᠪᠠᠶᠢᠴᠠᠭᠠᠬᠤ᠂ ᠮᠡᠳᠡᠭᠡ ᠵᠠᠩᠭᠢ ᠶᠢ ᠳᠠᠩᠰᠠᠯᠠᠬᠤ ᠠᠴᠠ ᠠᠪᠤᠭᠠᠳ ᠪᠥᠭᠡᠮ ᠬᠦᠴᠢᠯ ᠦᠨ ᠦᠯᠢᠭᠡᠷ ᠠᠪᠬᠤ᠂ ᠲᠠᠯᠠᠪᠤᠷ ᠠᠴᠠ ᠭᠠᠷᠬᠤ ᠬᠦᠷᠲᠡᠯ᠎ᠡ᠂ ᠰᠣᠷᠢᠯᠲᠠ ᠶᠢᠨ ᠪᠦᠬᠦ ᠶᠠᠪᠤᠴᠠ ᠶᠢ ᠴᠥᠮ ᠪᠣᠳᠠᠲᠤ ᠪᠠᠶᠢᠯᠳᠤᠭᠠᠨ ᠤ ᠪᠠᠷᠢᠮᠵᠢᠶ᠎ᠠ ᠪᠠᠷ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠴᠢᠩᠭ᠎ᠠ ᠵᠢᠷᠤᠮᠵᠢᠯ ᠲᠠᠶ᠂ ᠲᠣᠭᠲᠠᠭᠤᠨ ᠡᠮᠬᠢ ᠳᠢᠭᠯᠢᠮ ᠲᠡᠶ ᠪᠠᠶᠢᠯᠭᠠᠵᠤ᠂ ᠡᠯ᠎ᠡ ᠠᠵᠢᠯ ᠤᠨ ᠲᠤᠰᠬᠠᠢ ᠠᠨᠭᠬᠢ ᠶᠢᠨ ᠬᠠᠮᠵᠢᠯᠴᠠᠭ᠎ᠠ ᠢᠯᠭᠤᠮ ᠰᠢᠯᠤᠭᠤᠨ᠂ ᠠᠵᠢᠯᠯᠠᠭᠠᠨ ᠨᠢ ᠥᠨᠳᠥᠷ ᠪᠦᠲᠦᠮᠵᠢᠲᠡᠢ ᠪᠠᠶᠢᠨ᠎ᠠ᠃  ᠵᠠᠯᠭᠠᠭᠠᠳ ᠵᠢᠨᠱᠠᠨ ᠪᠠᠯᠭᠠᠰᠤᠨ ᠤ ᠬᠢᠨ ᠬᠢᠵᠢᠭ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠪᠠᠶᠢᠩᠭᠤᠵᠢᠭᠤᠯᠵᠤ ᠳᠦᠷᠢᠮᠵᠢᠭᠦᠯᠬᠦ ᠪᠣᠯᠤᠨ᠎ᠠ᠃ ᠪᠣᠳᠠᠲᠤ ᠪᠠᠶᠢᠯᠳᠤᠭᠠᠨ ᠤ ᠰᠣᠷᠢᠯᠲᠠ ᠪᠠᠷ ᠳᠠᠮᠵᠢᠭᠤᠯᠤᠨ᠂ ᠵᠢᠨᠱᠠᠨ ᠪᠠᠯᠭᠠᠰᠤᠨ ᠤ ᠬᠢᠵᠢᠭ ᠤᠨ ᠪᠠᠶᠢᠳᠠᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠠᠵᠢᠯ ᠤᠨ ᠲᠣᠭᠲᠠᠴᠠ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠰᠢᠯᠭᠠᠨ ᠪᠠᠶᠢᠴᠠᠭᠠᠬᠤ ᠪᠠ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠳᠤᠲᠠᠭᠤᠳᠠᠯ ᠢ ᠴᠠᠭ ᠲᠤᠬᠠᠶ ᠳᠤᠨᠢ ᠢᠯᠡᠷᠡᠭᠦᠯᠬᠦ ᠶᠢᠨ ᠬᠠᠮᠲᠤ ᠰᠢᠢᠳᠪᠦᠷᠢᠯᠡᠵᠦ ᠂ ᠪᠣᠳᠠᠲᠤ ᠪᠠᠶᠢᠯᠳᠤᠭᠠᠨ ᠤ ᠦᠶ᠎ᠡ ᠳᠤ ᠬᠠᠷᠠᠯᠲᠠ ᠲᠣᠳᠣᠷᠬᠠᠶ᠂ ᠵᠣᠬᠢᠶᠠᠨ ᠪᠠᠶᠢᠭᠤᠯᠤᠯᠲᠠ ᠨᠢ ᠡᠮᠬᠢ ᠵᠢᠷᠤᠮ ᠲᠠᠢ᠂ ᠶᠠᠪᠤᠴᠠ ᠨᠢ ᠣᠨᠣᠪᠴᠢᠲᠠᠶ᠂ ᠠᠵᠢᠯᠯᠠᠭᠠᠨ ᠨᠢ ᠥᠨᠳᠥᠷ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号