ᠵᠢᠨᠱᠠᠨ ᠪᠠᠯᠭᠠᠰᠤ᠄ ᠴᠢᠩᠭ᠎ᠠ ᠬᠢᠨᠠᠯᠲᠠ ᠲᠠᠯᠪᠢᠵᠤ ᠬᠢᠵᠢᠭ ᠦᠨ ᠪᠠᠢᠳᠠᠯ ᠢ | ᠡᠷᠡᠰ ᠲᠡᠪᠴᠢᠨ᠎ᠡ | ︽ᠮᠠᠨ ᠤ ᠲᠣᠰᠬᠤᠨ ᠤ ᠬᠢᠨ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠰᠦᠯᠵᠢᠶᠡᠨ ᠤ ᠠᠵᠢᠯᠲᠠᠨ ᠡᠳᠦᠷ ᠪᠦᠷᠢ | ᠭᠠᠳᠠᠭᠰᠢ ᠭᠠᠷᠴᠤ ᠨᠤᠲᠤᠭ ᠲᠠᠭᠠᠨ ᠪᠤᠴᠠᠭᠰᠠᠨ ᠬᠥᠮᠦᠰ ᠢ ᠪᠥᠬᠦ ᠲᠠᠯ᠎ᠠ ᠪᠠᠷ ᠪᠠᠶᠢᠴᠠᠭᠠᠵᠤ᠂ ᠨᠤᠲᠤᠭ ᠲᠠᠭᠠᠨ | ᠪᠤᠴᠠᠭᠰᠠᠨ ᠬᠥᠮᠦᠰ ᠤᠨ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ ᠪᠠᠶᠢᠨ᠎ᠠ᠃ ᠡᠩ ᠤᠨ ᠦᠶ᠎ᠡ ᠶᠢᠨ | ᠠᠵᠢᠯ ᠤᠨ ᠳᠤᠮᠳᠠ ᠪᠠᠨ ᠪᠢᠳᠡ ᠡᠳᠦᠷ ᠪᠦᠷᠢ ᠪᠦᠷᠢᠶ᠎ᠡ ᠪᠠ ᠸᠢᠴᠠᠲ ᠤᠨ ᠪᠦᠯᠦᠭ ᠢᠶᠠᠷ ᠳᠠᠮᠵᠢᠭᠤᠯᠤᠨ ᠲᠣᠰᠬᠤᠨ ᠤ | ᠠᠷᠠᠳ ᠲᠤ ᠬᠢᠵᠢᠭ ᠢ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠳᠤ ᠬᠥᠩᠭᠡᠨ ᠬᠠᠭᠤᠮᠠᠭᠠᠶ ᠪᠠᠶᠢᠵᠤ ᠪᠣᠯᠬᠤ ᠥᠬᠡᠶ᠂ ᠡᠳᠦᠷ ᠲᠤᠲᠤᠮ ᠤᠨ ᠰᠡᠷᠭᠡᠶᠢᠯᠡᠯᠲᠡ ᠶᠢ | ᠰᠠᠶᠢᠲᠤᠷ ᠬᠢᠬᠦ ᠬᠡᠷᠡᠭᠲᠡᠶ ᠭᠡᠵᠦ ᠣᠯᠠᠨ ᠳᠤ ᠰᠠᠨᠠᠭᠤᠯᠳᠠᠭ︾ ᠭᠡᠵᠡᠶ᠃ ᠵᠢᠨᠱᠠᠨ ᠪᠠᠯᠭᠠᠰᠤᠨ ᠤ ᠨᠢᠦ ᠳᠧᠦ ᠭᠸᠦ ᠮᠤᠨ | ᠲᠣᠰᠬᠤᠨ ᠤ ᠨᠠᠮ ᠤᠨ ᠡᠭᠦᠷ ᠤᠨ ᠱᠦᠵᠢ ᠵᠠᠩ ᠭᠦᠸᠧ ᠭᠠᠩ ᠰᠢᠪᠠᠳᠠᠨ ᠪᠠᠶᠢᠴᠠᠭᠠᠬᠤ ᠳᠤᠭᠤᠶᠢᠯᠠᠩ ᠳᠤ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠭᠰᠠᠨ ᠪᠠᠶᠢᠳᠠᠯ ᠢ ᠬᠠᠷᠢᠭᠤ ᠮᠡᠳᠡᠭᠦᠯᠵᠡᠶ᠃ | ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠡᠮᠦᠨ᠎ᠡ᠂ | ᠵᠢᠨᠱᠠᠨ ᠪᠠᠯᠭᠠᠰᠤ ᠶᠢᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠯᠲᠠ ᠲᠠᠯᠪᠢᠬᠤ ᠶᠢ ᠣᠳᠣᠬᠠᠨ ᠤ | ᠠᠵᠢᠯ ᠤᠨ ᠢᠶᠠᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠲᠣᠮᠢᠯᠠᠨ ᠡᠯ᠎ᠡ ᠲᠣᠰᠬᠤᠨ ᠳᠤ ᠭᠦᠨᠵᠡᠭᠡᠶᠢᠷᠡᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠢ ᠲᠦᠷᠦᠯ ᠤᠨ ᠱᠠᠯᠠᠪᠳᠠᠭᠤᠯᠤᠨ ᠪᠠᠶᠢᠴᠠᠭᠠᠯᠲᠠ ᠥᠷᠨᠢᠭᠦᠯᠵᠦ᠂ ᠪᠦᠬᠦ | ᠪᠠᠯᠭᠠᠰᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠳᠤ ᠪᠠᠲᠤ ᠴᠢᠩᠭ᠎ᠠ | ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠵᠠᠢ᠃ | ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠬᠤ ᠬᠡᠯᠪᠡᠷᠢ ᠪᠠᠷ ᠬᠠᠷᠢᠶ᠎ᠠ ᠣᠷᠣᠨ ᠤ ᠪᠠᠨ | 13 ᠵᠠᠰᠠᠭ ᠵᠠᠬᠢᠷᠭᠠᠨ ᠤ ᠲᠣᠰᠬᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠡᠭ ᠢ ᠵᠢᠵᠢᠭᠦᠷᠯᠡᠨ ᠰᠠᠬᠢᠬᠤ | ᠂ ᠳᠤᠮᠳᠠ ᠠᠶᠤᠯ ᠲᠦᠭᠰᠢᠭᠦᠷᠢ ᠶᠡᠬᠡᠲᠡᠢ ᠭᠠᠵᠠᠷ ᠣᠷᠣᠨ ᠤ ᠨᠤᠲᠤᠭ ᠲᠠᠭᠠᠨ ᠪᠤᠴᠠᠭᠰᠠᠳ ᠤᠨ ᠡᠬᠡ ᠳᠠᠩᠰᠠ ᠶᠢ | ᠳᠠᠩᠰᠠᠯᠠᠬᠤ᠂ ᠭᠡᠷ ᠲᠡᠭᠡᠨ ᠰᠠᠭᠤᠵᠤ ᠪᠠᠶᠢᠭ᠎ᠠ ᠡᠷᠡᠭᠦᠯ ᠮᠡᠨᠳᠦ ᠶᠢ ᠬᠢᠨᠠᠨ ᠬᠡᠮᠵᠢᠬᠦ ᠬᠥᠮᠦᠰ ᠤᠨ ᠬᠠᠮᠢᠶᠠᠷᠤᠯᠲᠠ ᠵᠡᠷᠭᠡ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠨ᠎ᠡ᠃ ᠱᠠᠯᠠᠪᠳᠠᠭᠤᠯᠤᠨ ᠪᠠᠶᠢᠴᠠᠭᠠᠬᠤ ᠶᠠᠪᠤᠴᠠ ᠳᠤ | ᠢᠯᠡᠷᠡᠭᠦᠯᠦᠭᠰᠡᠨ ᠠᠰᠠᠭᠤᠳᠠᠯ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠬᠤ ᠶᠢᠨ ᠬᠠᠮᠲᠤ ︽ | ᠬᠡᠷᠡᠭ ᠤᠨ ᠳᠠᠷᠠᠭ᠎ᠠ ᠬᠢᠨᠠᠨ ᠬᠠᠷᠭᠤᠭᠤᠯᠬᠤ︾ ᠠᠷᠭ᠎ᠠ ᠬᠡᠯᠪᠡᠷᠢ ᠪᠠᠷ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ | ᠴᠠᠭ ᠲᠤᠨᠢ ᠲᠤᠬᠢᠷᠠᠭᠤᠯᠤᠨ ︽ᠡᠷᠭᠢᠵᠦ ᠬᠠᠷᠠᠬᠤ︾ ᠠᠵᠢᠯ ᠢ ᠬᠢᠵᠦ᠂ ᠡᠯ᠎ᠡ ᠲᠣᠰᠬᠤᠨ ᠢ ᠱᠠᠯᠠᠪᠳᠠᠭᠤᠯᠤᠨ | ᠪᠠᠷᠢᠮᠵᠢᠶ᠎ᠠ ᠬᠦᠰᠦᠨᠦᠭᠲᠦ ᠲᠠᠢ ᠬᠠᠷᠭᠤᠭᠤᠯᠵᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ | ᠬᠡᠷᠡᠭᠲᠡᠢ᠃ ᠬᠢᠵᠢᠭ ᠦᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠶᠠᠪᠤᠴᠠ ᠳᠤ | ᠬᠠᠷᠢᠭᠤᠴᠠᠯᠭ᠎ᠠ ᠡᠭᠦᠷᠭᠡᠯᠡᠬᠦ ᠦᠭᠡᠢ᠂ | ᠠᠵᠢᠯ ᠬᠢᠬᠦ ᠦᠭᠡᠢ᠂ ᠠᠵᠢᠯ ᠬᠢᠬᠦ ᠳᠡᠭᠡᠨ | ᠤᠳᠠᠭᠠᠨ᠂ ᠲᠦᠷᠢᠮ ᠲᠣᠭᠲᠠᠭᠠᠯ ᠢ | ᠬᠠᠶᠢᠬᠤᠷᠬᠤ ᠦᠭᠡᠢ᠂ ᠠᠵᠢᠯ ᠤᠨ | ᠪᠠᠶᠢᠷᠢ ᠠᠴᠠ ᠪᠠᠨ ᠳᠤᠷ᠎ᠠ ᠪᠠᠷ ᠢᠶᠠᠨ | ᠰᠠᠯᠤᠭᠰᠠᠨ ᠺᠠᠳ᠋ᠷ ᠠᠴᠠ ᠴᠢᠩᠭ᠎ᠠ | ᠬᠠᠷᠢᠭᠤᠴᠠᠯᠭ᠎ᠠ ᠨᠡᠬᠡᠮᠵᠢᠯᠡᠨ᠎ᠡ᠃ᠡᠭᠦᠨ ᠦ | ᠬᠠᠮᠲᠤ ᠂ ᠬᠢᠨᠠᠯᠲᠠ ᠲᠠᠯᠪᠢᠵᠤ ᠢᠯᠡᠴᠢᠯᠡᠨ | ᠮᠡᠳᠡᠭᠦᠯᠬᠦ ᠠᠷᠭ᠎ᠠ ᠵᠠᠮ ᠢ ᠰᠠᠭᠠᠳ ᠥᠬᠡᠶ | ᠨᠡᠪᠲᠡᠷᠡᠭᠦᠯᠵᠦ ᠂ ᠬᠢᠵᠢᠭ ᠦᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ | ᠰᠠᠬᠢᠯᠭ᠎ᠠ ᠪᠠᠲᠤ ᠶᠢ ᠴᠢᠩᠳᠠᠯᠠᠵᠤ ᠂ ᠠᠯᠪᠠ | ᠬᠠᠰᠢᠵᠤ ᠠᠮᠠ ᠪᠥᠭᠯᠡᠬᠦ ᠂ ᠬᠤᠳᠠᠯ | ᠬᠠᠭᠤᠷᠮᠠᠭ ᠢᠶᠠᠷ ᠴᠡᠭᠴᠡᠯᠡᠨ | ᠰᠠᠶᠢᠵᠢᠷᠠᠭᠤᠯᠬᠤ ᠂ ᠬᠠᠷᠢᠯᠴᠠᠨ | ᠲᠦᠯᠬᠢᠯᠴᠡᠬᠦ ᠂ ᠨᠠᠵᠠᠭᠠᠶ ᠪᠠᠷ ᠠᠷᠭᠠᠴᠠᠬᠤ | ᠵᠡᠷᠭᠡ ᠰᠠᠬᠢᠯᠭ᠎ᠠ ᠪᠠᠲᠤ ᠶᠢ ᠵᠥᠷᠢᠴᠡᠭᠰᠡᠨ | ᠠᠰᠠᠭᠤᠳᠠᠯ ᠡᠭᠦᠰᠬᠦ ᠶᠢ ᠴᠢᠩᠭ᠎ᠠ | ᠰᠡᠷᠭᠡᠶᠢᠯᠡᠵᠦ ᠂ ᠬᠢᠨᠠᠯᠲᠠ ᠲᠠᠯᠪᠢᠬᠤ ᠶᠢᠨ | ᠬᠠᠨᠳᠤᠯᠭᠠᠲᠤ ᠴᠢᠨᠠᠷ ᠂ ᠪᠦᠲᠦᠮᠵᠢᠲᠦ | ᠴᠢᠨᠠᠷ ᠢ ᠦᠨᠡᠨ ᠬᠦ ᠴᠢᠩᠭᠠᠳᠬᠠᠵᠤ ᠂ | ᠬᠢᠵᠢᠭ ᠦᠨ ᠪᠠᠶᠢᠳᠠᠯ ᠢ ᠰᠡᠷᠭᠡᠶᠢᠯᠡᠨ | ᠡᠵᠡᠮᠳᠡᠬᠦ ᠡᠯ᠎ᠡ ᠵᠦᠶᠯ ᠦᠨ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ | ᠨᠠᠷᠢᠯᠢᠭ ᠨᠠᠶᠢᠳᠠᠪᠤᠷᠢᠵᠢᠭᠤᠯᠬᠤ ᠶᠢ | ᠦᠨᠡᠨ ᠬᠦ ᠪᠠᠲᠤᠯᠠᠬᠤ ᠬᠡᠷᠡᠭᠲᠡᠶ ᠃ | ᠴᠠᠭᠠᠨ ᠰᠠᠷ᠎ᠠ ᠠᠴᠠ ᠨᠠᠰᠢ᠂ ᠵᠢᠨᠱᠠᠨ | ᠪᠠᠯᠭᠠᠰᠤ ᠶᠢᠨ ᠬᠢᠵᠢᠭ ᠦᠨ ᠪᠠᠶᠢᠳᠠᠯ ᠢ | ᠰᠡᠷᠭᠡᠶᠢᠯᠡᠨ ᠡᠵᠡᠮᠳᠡᠬᠦ ᠱᠠᠯᠠᠪᠳᠠᠭᠤᠯᠤᠨ | ᠪᠠᠶᠢᠴᠠᠭᠠᠬᠤ ᠳᠤᠭᠤᠶᠢᠯᠠᠩ 26 ᠤᠳᠠᠭ᠎ᠠ | ᠱᠠᠯᠠᠪᠳᠠᠭᠤᠯᠤᠨ ᠪᠠᠶᠢᠴᠠᠭᠠᠵᠤ᠂ ᠨᠡᠢᠢᠳᠡ 78 | ᠬᠥᠮᠦᠨ ᠤᠳᠠᠭ᠎ᠠ ᠱᠠᠯᠠᠪᠳᠠᠭᠤᠯᠤᠨ | ᠪᠠᠶᠢᠴᠠᠭᠠᠬᠤ ᠠᠵᠢᠯᠳᠠᠨ ᠢ ᠲᠣᠮᠢᠯᠠᠵᠤ᠂ 38 | ᠠᠰᠠᠭᠤᠳᠠᠯ ᠢ ᠢᠯᠡᠷᠡᠭᠦᠯᠦᠭᠰᠡᠨ ᠪᠥᠭᠡᠳ | ᠱᠠᠯᠠᠪᠳᠠᠭᠤᠯᠤᠨ ᠴᠡᠭᠴᠡᠯᠡᠨ | ᠰᠠᠶᠢᠵᠢᠷᠠᠭᠤᠯᠵᠤ᠂ 26 ᠵᠤᠷᠪᠤᠰ ᠰᠠᠨᠠᠯ | ᠰᠠᠨᠠᠭᠤᠯᠭ᠎ᠠ ᠳᠤᠷᠠᠳᠴᠤ᠂ ᠡᠯ᠎ᠡ ᠲᠣᠰᠬᠣᠨ ᠤ | ᠬᠢᠵᠢᠭ ᠦᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠠᠷᠢᠭᠤᠴᠠᠯᠭ᠎ᠠ ᠪᠠᠨ ᠦᠨᠡᠨᠬᠦ | ᠭᠦᠢᠴᠡᠳᠬᠡᠬᠦ ᠶᠢ ᠠᠬᠢᠭᠤᠯᠵᠤ᠂ ᠬᠢᠵᠢᠭ ᠦᠨ | ᠪᠠᠶᠢᠳᠠᠯ ᠢ ᠰᠡᠷᠭᠡᠶᠢᠯᠡᠨ ᠡᠵᠡᠮᠳᠡᠬᠦ | ᠠᠮᠤᠷ ᠲᠦᠪᠰᠢᠨ ᠦ ᠬᠥᠪᠴᠢ ᠶᠢ ᠴᠠᠭ ᠢᠮᠠᠭᠲᠠ | ᠴᠢᠩᠭᠠᠷᠠᠭᠤᠯᠪᠠ᠃ | | | |