︽ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠶᠠᠭ ᠶᠠᠪᠤᠭᠳᠠᠵᠤ ᠪᠠᠶᠢᠨ᠎ᠠ︾ ᠲᠠᠯᠠᠪᠤᠷ ᠭᠠᠵᠠᠷ ᠤᠨ ᠨᠣᠮᠧᠷ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠨᠡᠩ ᠢᠯᠡᠭᠦᠦ ︽ᠲᠤᠭ᠎ᠠ︾ ᠲᠠᠢ ᠪᠣᠯᠭᠠᠵᠠᠶ
ᠨᠡᠶᠢᠲᠡᠯᠡᠭᠰᠡᠨ ᠴᠠᠭ᠄
2022/3/2
︽ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠶᠠᠭ ᠶᠠᠪᠤᠭᠳᠠᠵᠤ ᠪᠠᠶᠢᠨ᠎ᠠ︾ ᠲᠠᠯᠠᠪᠤᠷ ᠭᠠᠵᠠᠷ ᠤᠨ ᠨᠣᠮᠧᠷ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠨᠡᠩ ᠢᠯᠡᠭᠦᠦ ︽ᠲᠤᠭ᠎ᠠ︾ ᠲᠠᠢ ᠪᠣᠯᠭᠠᠵᠠᠶ  ᠣᠶᠢᠷ᠎ᠠ ᠶᠢᠨ ᠬᠤᠭᠤᠴᠠᠭᠠᠨ ᠳᠤ᠂ ᠮᠠᠨ ᠤ ᠬᠤᠰᠢᠭᠤᠨ ᠤ ᠡᠯ᠎ᠡ ᠣᠯᠠᠨ ᠨᠡᠶᠢᠲᠡ ᠶᠢᠨ ᠲᠠᠯᠠᠪᠤᠷ ᠲᠤ ᠣᠷᠣᠬᠤ ᠳᠤ ᠴᠥᠮ ᠲᠤᠰᠬᠠᠶ ︽ᠲᠠᠯᠠᠪᠤᠷ ᠭᠠᠵᠠᠷ ᠤᠨ ᠨᠣᠮᠧᠷ︾ ᠢ ᠰᠢᠷᠪᠢᠪᠡᠯ ᠰᠠᠶ᠋ᠢ ᠨᠡᠪᠲᠡᠷᠡᠵᠦ ᠪᠣᠯᠤᠨ᠎ᠠ ᠭᠡᠳᠡᠭ ᠢ ᠣᠯᠠᠨ ᠲᠦᠮᠡᠨ ᠣᠯᠵᠤ ᠮᠡᠳᠡᠭᠰᠡᠨ ᠪᠠᠶᠢᠵᠤ ᠮᠡᠳᠡᠨ᠎ᠡ᠃ ︽ᠲᠠᠯᠠᠪᠤᠷ ᠭᠠᠵᠠᠷ ᠤᠨ ᠺᠣᠳ᠋︾ ᠨᠢ ᠲᠣᠮᠣ ᠳ᠋ᠠᠶᠢᠲ᠋ᠠ ᠶᠢᠨ ᠪᠣᠳᠠᠲᠠᠶ ᠬᠡᠷᠡᠭᠯᠡᠯᠲᠡ ᠪᠠᠷ ᠳᠡᠮᠵᠢᠨ ᠰᠡᠷᠭᠡᠶᠢᠯᠡᠨ ᠡᠵᠡᠮᠳᠡᠬᠦ ᠮᠡᠳᠡᠭᠡ ᠵᠠᠩᠭᠢ ᠶᠢᠨ ᠡᠬᠢ ᠰᠤᠷᠪᠤᠯᠵᠢ ᠶᠢ ᠡᠷᠢᠬᠦ᠂ ᠡᠵᠡᠮᠳᠡᠵᠦ ᠪᠣᠯᠬᠤ ᠶᠢ ᠪᠡᠶᠡᠯᠡᠭᠦᠯᠵᠦ᠂ ᠡᠭᠦᠨ ᠤ ᠤᠯᠠᠮ ᠢᠶᠠᠷ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠳᠦ ᠪᠣᠳᠣᠯᠭ᠎ᠠ ᠲᠣᠭᠲᠠᠭᠠᠬᠤ᠂ ᠨᠠᠷᠢᠯᠢᠭ ᠤᠨᠤᠪᠴᠢᠲᠠᠢ ᠪᠠᠷ ᠰᠡᠷᠭᠡᠶᠢᠯᠡᠨ ᠡᠵᠡᠮᠳᠡᠬᠦ᠂ ᠬᠥᠳᠡᠯᠦᠩᠭᠦᠶ ᠪᠠᠷ ᠬᠠᠮᠢᠶᠠᠷᠬᠤ ᠳᠤ ᠬᠦᠴᠦᠨ ᠨᠡᠮᠡᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠨᠠᠩ ︽ᠰᠠᠭᠤᠷᠢ︾ ᠲᠠᠢ ᠪᠣᠯᠭᠠᠨ᠎ᠠ᠃   2 ᠰᠠᠷ᠎ᠠ ᠶᠢᠨ 22 ᠤᠨ ᠡᠳᠦᠷ᠂ ᠰᠤᠷᠪᠤᠯᠵᠢᠯᠠᠭᠴᠢ ᠬᠠᠷᠠᠴᠢᠨ ᠬᠤᠰᠢᠭᠤᠨ ᠤ ᠨᠠᠮ ᠪᠠ ᠣᠯᠠᠨ ᠲᠦᠮᠡᠨ ᠤᠦᠢᠯᠡᠴᠢᠯᠡᠭᠡᠨ ᠤ ᠲᠥᠪ ᠤᠨ ᠡᠭᠦᠳᠡᠨ ᠳᠤ᠂ ᠤᠴᠢᠷ ᠶᠠᠪᠤᠳᠠᠯ ᠰᠢᠢᠳᠪᠦᠷᠢᠯᠡᠬᠦ ᠪᠠᠷ ᠢᠷᠡᠭᠰᠡᠨ ᠣᠯᠠᠨ ᠲᠦᠮᠡᠨ ᠠᠵᠢᠯᠲᠠᠨ ᠤ ᠵᠢᠯᠣᠭᠤᠳᠣᠯᠭ᠎ᠠ ᠳᠣᠤᠷ᠎ᠠ ᠡᠮᠬᠢ ᠵᠢᠷᠤᠮ ᠲᠠᠢ ᠮᠥᠷᠯᠡᠨ ᠵᠢᠭᠰᠠᠵᠤ᠂ ᠠᠵᠢᠯᠲᠠᠳ ᠰᠠᠭᠤᠭᠠᠯᠢ ᠠᠷᠠᠳ ᠤᠨ ︽ᠲᠠᠯᠠᠪᠤᠷ ᠭᠠᠵᠠᠷ ᠤᠨ ᠨᠣᠮᠧᠷ︾ ᠢ ᠨᠠᠷᠢᠨ ᠬᠢᠨᠠᠮᠠᠭᠠᠶ ᠪᠠᠶᠢᠴᠠᠭᠠᠨ ᠰᠢᠯᠭᠠᠵᠤ᠂ ︽ᠲᠠᠯᠠᠪᠤᠷ ᠭᠠᠵᠠᠷ ᠤᠨ ᠨᠣᠮᠧᠷ︾ ᠢ ᠬᠠᠷᠭᠤᠭᠤᠯᠤᠨ ᠪᠠᠶᠢᠴᠠᠭᠠᠬᠤ ᠪᠠᠷ ᠳᠡᠮᠵᠢᠨ᠂ ᠪᠡᠶ᠎ᠡ ᠶᠢᠨ ᠳᠤᠯᠠᠭᠠᠨ ᠨᠢ ᠬᠡᠪ ᠤᠨ ᠪᠠᠶᠢᠳᠠᠯ ᠳᠤ ᠤᠷᠤᠭᠰᠠᠨ ᠪᠥᠭᠡᠳ ᠱᠠᠭᠠᠷᠳᠠᠯᠭ᠎ᠠ ᠶᠣᠰᠣᠭᠠᠷ ᠠᠮᠠᠪᠴᠢ ᠵᠡᠭᠦᠪᠡᠯ ᠰᠠᠶ᠋ᠢ ᠲᠢᠩᠬᠢᠮ ᠳᠤ ᠣᠷᠣᠵᠤ ᠪᠣᠯᠤᠨ᠎ᠠ ᠭᠡᠳᠡᠭ ᠢ ᠣᠯᠵᠤ ᠬᠠᠷᠠᠪᠠ᠃  ︽ᠮᠢᠨᠦ ᠦᠵᠡᠬᠦ ᠪᠠᠷ ᠡᠨᠡ ︿ᠲᠠᠯᠠᠪᠤᠷ ᠭᠠᠵᠠᠷ ᠤᠨ ᠨᠣᠮᠧᠷ﹀ ᠨᠢ ᠶᠡᠬᠡ ᠰᠠᠢᠨ ᠂ ᠬᠡᠷᠡᠭᠯᠡᠬᠦ ᠳᠤ ᠴᠦ ᠮᠠᠰᠢ ᠠᠮᠠᠷᠬᠠᠨ᠂ ᠬᠡᠵᠢᠶ᠎ᠡ ᠬᠠᠮᠢᠭ᠎ᠠ ᠣᠴᠢᠵᠤ ᠥᠩᠭᠡᠷᠡᠭᠰᠡᠨ᠂ ᠶᠠᠪᠤᠵᠤ ᠰᠠᠭᠤᠭᠰᠠᠨ ᠭᠠᠵᠠᠷ ᠢ ᠨᠢ ᠦᠵᠡᠮᠡᠭᠴᠡ ᠮᠡᠳᠡᠴᠢᠬᠡᠨ᠎ᠡ᠂ ᠬᠡᠷᠡᠭᠯᠡᠬᠦ ᠳᠤ ᠴᠦ ᠮᠠᠰᠢ ᠠᠮᠠᠷᠬᠠᠨ᠂ ᠨᠠᠳᠠ ᠳᠤ ᠶᠡᠭᠡ ᠰᠠᠶᠢᠨ ᠰᠠᠨᠠᠭᠳᠠᠨ᠎ᠠ︾ ᠭᠡᠵᠦ ᠵᠠᠩ ᠠᠪᠠᠭ᠋ᠠᠶ ᠰᠤᠷᠪᠤᠯᠵᠢᠯᠠᠭᠴᠢ ᠳᠤ ᠬᠡᠯᠡᠪᠡ᠃  ᠣᠶᠢᠯᠠᠭᠠᠭᠰᠠᠨ ᠢᠶᠠᠷ᠂ ᠣᠳᠣᠬᠠᠨ ᠳᠤ᠂ ᠪᠥᠬᠦ ᠬᠤᠰᠢᠭᠤᠨ ᠤ ᠡᠯ᠎ᠡ ᠭᠠᠵᠠᠷ ᠤᠨ ᠬᠥᠮᠦᠨ ᠬᠠᠷ᠎ᠠ ᠬᠤᠷᠠᠨ ᠴᠤᠭᠯᠠᠷᠠᠳᠠᠭ ᠲᠠᠯᠠᠪᠤᠷ ᠲᠤ ᠨᠢᠭᠡᠨᠲᠡ ︽ᠲᠠᠯᠠᠪᠤᠷ ᠭᠠᠵᠠᠷ ᠤᠨ ᠨᠣᠮᠧᠷ︾ ᠢ ᠪᠥᠬᠦ ᠲᠠᠯ᠎ᠠ ᠪᠠᠷ ᠬᠠᠷᠭᠤᠭᠤᠯᠤᠨ ᠪᠠᠶᠢᠴᠠᠭᠠᠵᠤ ᠡᠬᠢᠯᠡᠭᠰᠡᠨ ᠪᠠᠶᠢᠨ᠎ᠠ᠃ ᠰᠠᠭᠤᠭᠠᠯᠢ ᠠᠷᠠᠳ ᠵᠥᠪᠬᠡᠨ ᠸᠢᠴᠠᠲ ᠢᠶᠠᠷ ᠳᠠᠮᠵᠢᠭᠤᠯᠤᠨ ᠰᠢᠷᠪᠢᠪᠡᠯ ᠰᠢᠰᠲ᠋ᠧᠮ ᠤᠨ ᠠᠷᠤ ᠲᠠᠪᠴᠠᠩ ᠨᠢ ᠲᠠᠯᠠᠪᠤᠷ ᠲᠤ ᠤᠷᠤᠭᠰᠠᠨ ᠬᠥᠮᠦᠰ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢ ᠠᠦ᠋ᠲ᠋ᠣ᠋ ᠬᠠᠷᠭᠤᠭᠤᠯᠤᠨ ᠪᠠᠶᠢᠴᠠᠭᠠᠬᠤ ᠶᠢᠨ ᠬᠠᠮᠲᠤ ᠲᠠᠯᠠᠪᠤᠷ ᠤᠨ ᠨᠡᠷᠡᠶᠢᠳᠦᠯ᠂ ᠣᠷᠣᠨ ᠪᠠᠶᠢᠷᠢ ᠵᠡᠷᠭᠡ ᠶᠢ ᠲᠡᠮᠳᠡᠭᠯᠡᠨ᠂ ᠠᠦ᠋ᠲ᠋ᠣᠴᠢᠯᠠᠭᠰᠠᠨ ᠳᠡᠩᠰᠡᠯᠡᠯᠲᠡ ᠬᠢᠵᠦ᠂ ᠡᠭᠦᠨ ᠢᠶᠠᠷ ᠳᠠᠮᠵᠢᠭᠤᠯᠤᠨ ᠬᠥᠮᠦᠰ ᠤᠨ ᠰᠢᠯᠵᠢᠯᠲᠡ ᠪᠤᠳᠤᠯᠢᠶᠠᠨᠲᠠᠶ ᠲᠠᠯᠠᠪᠤᠷ ᠢ ᠨᠠᠷᠢᠯᠢᠭ ᠤᠨᠤᠪᠴᠢᠲᠠᠢ ᠪᠠᠷ ᠰᠡᠷᠭᠡᠶᠢᠯᠡᠨ ᠡᠵᠡᠮᠳᠡᠬᠦ ᠶᠢ ᠪᠡᠶᠡᠯᠡᠭᠦᠯᠦᠨ᠎ᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号