ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠯᠢ ᠧᠨ ᠮᠠᠨ ᠤ ᠬᠤᠰᠢᠭᠤᠨ ᠳᠤ ᠬᠦᠷᠴᠦ ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ ᠵᠢᠱᠢᠶ᠎ᠡ ᠦᠵᠡᠭᠦᠯᠬᠦ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/3/24
ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠯᠢ ᠧᠨ ᠮᠠᠨ ᠤ ᠬᠤᠰᠢᠭᠤᠨ ᠳᠤ ᠬᠦᠷᠴᠦ ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ ᠵᠢᠱᠢᠶ᠎ᠡ ᠦᠵᠡᠭᠦᠯᠬᠦ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ   3 ᠰᠠᠷ᠎ᠠ ᠶᠢᠨ 22 ᠤᠨ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠯᠢ ᠧᠨ ᠨᠡᠷ ᠮᠠᠨ ᠤ ᠬᠤᠰᠢᠭᠤᠨ ᠳᠤ ᠲᠤᠰᠬᠠᠶ ᠰᠡᠳᠦᠪᠲᠦ ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ ᠵᠢᠱᠢᠶ᠎ᠡ ᠦᠵᠡᠭᠦᠯᠬᠦ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ᠂ ᠳᠡᠳ᠋ ᠬᠤᠰᠢᠭᠤᠨ ᠳᠠᠷᠤᠭ᠎ᠠ ᠢ ᠰᠢᠤ ᠴᠢᠤᠸᠠᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃   ᠸᠠᠩ ᠯᠢ ᠧᠨ ᠨᠡᠷ ᠤᠷᠢᠳ ᠬᠤᠵᠢᠳ ᠾᠧ ᠮᠧᠶ ᠬᠦᠷᠢᠶᠡᠯᠡᠩ ᠲᠣᠭᠤᠷᠢᠭ ᠤᠨ ᠵᠢᠦ  ᠷᠠᠨ ᠵᠢᠢ ᠵᠢᠶᠠ ᠂ ᠤ  ᠳ᠋ᠢ ᠶᠢᠨ 4S ᠳᠡᠯᠭᠡᠭᠦᠷ᠂ ᠾᠧ ᠮᠧᠶ ᠠᠵᠤ ᠠᠬᠤᠢ ᠬᠤᠲᠠ ᠶᠢᠨ ᠠᠭᠤᠰᠤᠯᠴᠠᠭᠰᠠᠨ ᠵᠢᠱᠢᠶ᠎ᠡ ᠦᠵᠡᠭᠦᠯᠬᠦ ᠲᠣᠭᠤᠷᠢᠭ 2022 ᠣᠨ ᠳᠤ ᠪᠠᠢᠭᠤᠯᠤᠭᠳᠠᠬᠤ ᠬᠤᠲᠠ ᠶᠢᠨ ᠶᠠᠪᠤᠳᠠᠯ ᠤᠨ ᠢᠨᠵᠧᠨᠧᠷᠢᠩ᠂ ᠾᠧ ᠮᠧᠶ ᠪᠠᠭ᠎ᠠ ᠰᠤᠷᠭᠠᠭᠤᠯᠢ᠂ ᠾᠧ ᠷᠦᠢ ᠨᠡᠶᠢᠭᠡᠮ ᠲᠣᠭᠤᠷᠢᠭ᠂ ᠬᠠᠷᠠᠴᠢᠨ ᠬᠤᠰᠢᠭᠤᠨ ᠤ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠂ ᠳ᠋ᠠ ᠵᠧᠤ — ᠷᠦᠩ ᠶᠢᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ᠂ ᠥᠪᠥᠷ ᠮᠣᠩᠭᠤᠯ ᠤᠨ ᠮᠧᠩ ᠳ᠋ᠦᠩ ᠡᠮ ᠡᠮᠨᠡᠯᠭᠡ ᠶᠢᠨ ᠣᠲᠣ ᠦᠶ᠎ᠡ ᠶᠢᠨ ᠪᠠᠷᠠᠭᠠᠨ ᠤ ᠬᠦᠢᠯᠭᠡᠭᠡᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ᠂ ᠾᠧ ᠮᠧᠶ ᠠᠵᠤ ᠦᠢᠯᠡᠳᠪᠦᠷᠢ ᠠᠷᠠᠯᠵᠢᠶᠠᠨ ᠤ ᠬᠦᠷᠢᠶᠡᠯᠡᠩ ᠤᠨ ᠾᠧ ᠳ᠋ᠦᠩ ᠵᠠᠯᠭᠠᠯᠳᠤᠭᠰᠠᠨ ᠲᠣᠭᠤᠷᠢᠭ 2022 ᠣᠨ ᠳᠤ ᠬᠤᠲᠠ ᠶᠢᠨ ᠶᠠᠪᠤᠳᠠᠯ ᠤᠨ ᠢᠨᠵᠧᠨᠧᠷᠢᠩ ᠢ ᠬᠡᠷᠡᠭᠵᠢᠭᠦᠯᠬᠦ ᠪᠠᠷ ᠪᠣᠶ᠃ ᠠᠵᠤ ᠦᠢᠯᠡᠰ ᠤᠨ ᠲᠥᠯᠥᠪᠵᠢᠭᠦᠯᠭᠡ ᠶᠢᠨ ᠪᠠᠶᠢᠷᠢ ᠲᠣᠭᠲᠠᠭᠠᠯᠲᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠰᠠᠭᠤᠷᠢ ᠪᠡᠯᠡᠳᠬᠡᠮᠵᠢ ᠶᠢ ᠢᠵᠢ ᠪᠥᠷᠢᠳᠦᠭᠦᠯᠬᠦ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠬᠦᠷᠴᠦ ᠨᠠᠷᠢᠨ ᠤᠢᠯᠭᠠᠪᠠ᠃   ᠶᠠᠷᠢᠯᠴᠠᠬᠤ ᠬᠤᠷᠠᠯ ᠳᠡᠭᠡᠷ᠎ᠡ᠂ ᠸᠠᠩ ᠯᠢ ᠧᠨ ᠵᠢᠭᠠᠵᠤ ᠭᠠᠷᠭᠠᠭᠰᠠᠨ ᠨᠢ᠂ ᠠᠵᠤ ᠦᠢᠯᠡᠰ ᠪᠠ ᠬᠤᠲᠠ ᠶᠢ ᠠᠭᠤᠰᠤᠯᠴᠠᠭᠤᠯᠤᠨ ᠬᠥᠭᠵᠢᠭᠦᠯᠬᠦ ᠪᠣᠯ ᠨᠢᠭᠡᠨ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠬᠤᠲᠠ ᠶᠢᠨ ᠠᠯᠤᠰ ᠬᠡᠲᠦ ᠶᠢᠨ ᠡᠷᠡᠭᠦᠯ ᠬᠥᠭᠵᠢᠯᠲᠡ ᠶᠢ ᠪᠡᠶᠡᠯᠡᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠃ ᠾᠧ ᠮᠧᠢ ᠶᠢᠨ ᠵᠠᠯᠭᠠᠯᠳᠤᠭᠰᠠᠨ ᠣᠷᠣᠨ ᠲᠠᠢ ᠠᠵᠤ ᠦᠢᠯᠡᠰ ᠬᠤᠳᠠ ᠶᠢ ᠠᠭᠤᠰᠤᠯᠴᠠᠭᠤᠯᠤᠨ ᠬᠥᠭᠵᠢᠭᠦᠯᠬᠦ ᠲᠥᠰᠦᠯ ᠢ ᠴᠢᠨᠠᠷᠯᠢᠭ ᠪᠥᠭᠡᠳ ᠲᠦᠷᠭᠡᠨ ᠨᠠᠷᠢᠨ ᠬᠢᠨᠠᠮᠠᠭᠠᠢ ᠰᠤᠳᠤᠯᠵᠤ᠂ ᠾᠧ ᠮᠧᠢ ᠶᠢᠨ ᠵᠠᠯᠭᠠᠯᠳᠤᠭᠰᠠᠨ ᠣᠷᠣᠨ ᠢ ᠬᠤᠳᠠ ᠶᠢᠨ ᠲᠣᠭᠤᠷᠢᠭ ᠯᠤᠭ᠎ᠠ ᠪᠦᠲᠦᠮᠵᠢᠲᠡᠢ ᠵᠣᠯᠭᠠᠭᠤᠯᠬᠤ ᠶᠢ ᠣᠶᠢᠷᠠᠲᠤᠭᠤᠯᠵᠤ᠂ ᠾᠧ ᠮᠧᠢ ᠶᠢᠨ ᠵᠠᠯᠭᠠᠯᠳᠤᠭᠰᠠᠨ ᠣᠷᠣᠨ ᠢ ᠤᠯᠠᠭᠠᠨᠬᠠᠳᠠ ᠶᠢᠨ ᠭᠤᠣᠯ ᠬᠤᠳᠠ ᠶᠢᠨ ᠲᠣᠭᠤᠷᠢᠭ ᠤᠨ ᠤᠨᠴᠠᠯᠢᠬᠳᠤ ᠠᠵᠤ ᠦᠢᠯᠡᠰ ᠤᠨ ᠬᠥᠭᠵᠢᠯᠲᠡ ᠶᠢᠨ ᠲᠥᠪᠯᠡᠷᠡᠯ ᠤᠨ ᠭᠠᠵᠠᠷ᠂ ᠤᠯᠠᠭᠠᠨᠬᠠᠳᠠ ᠶᠢᠨ ᠭᠤᠣᠯ ᠬᠤᠳᠠ ᠶᠢᠨ ᠲᠣᠭᠤᠷᠢᠭ ᠤᠨ ᠬᠥᠭᠵᠢᠯᠲᠡ ᠶᠢᠨ ᠦᠯᠢᠭᠡᠷ ᠳᠠᠭᠤᠷᠢᠶᠠᠯᠳᠤ ᠣᠷᠣᠨ ᠪᠣᠯᠭᠠᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ᠃   ᠬᠤᠳᠠ ᠶᠢ ᠨᠠᠷᠢᠯᠢᠬᠵᠢᠭᠤᠯᠤᠨ ᠬᠠᠮᠢᠶᠠᠷᠬᠤ ᠠᠴᠠ ᠡᠬᠢᠯᠡᠨ ᠬᠢᠵᠦ᠂ ᠬᠤᠳᠠ ᠶᠢᠨ ᠴᠢᠳᠠᠪᠬᠢ ᠶᠢ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠤᠬᠠᠭᠤᠯᠵᠤ ᠬᠦᠳᠦᠯᠦᠨ ᠵᠢᠯᠣᠭᠤᠳᠬᠤ ᠠᠵᠢᠯ ᠢ ᠢᠳᠡᠪᠬᠢᠲᠡᠢ ᠰᠠᠶᠢᠲᠤᠷ ᠬᠢᠬᠦ ᠬᠡᠷᠡᠭᠲᠡᠢ︔ ᠤᠷᠢᠳᠴᠢᠯᠠᠨ ᠤᠴᠢᠷ ᠶᠠᠪᠤᠳᠠᠯ ᠢ ᠪᠣᠳᠣᠯᠬᠢᠯᠠᠵᠤ᠂ ᠤᠴᠢᠷ ᠶᠠᠪᠤᠳᠠᠯ ᠢ ᠵᠥᠪᠯᠡᠵᠦ᠂ ᠤᠴᠢᠷ ᠶᠠᠪᠤᠳᠠᠯ ᠢ ᠲᠦᠯᠬᠢᠵᠦ᠂ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ︔ ᠲᠤᠰᠬᠠᠶ ᠮᠡᠷᠭᠡᠵᠢᠯ ᠤᠨ ᠲᠤᠰᠬᠠᠶ ᠠᠩᠭᠢ ᠪᠠᠷ ᠳᠥᠯᠭᠢᠨ ᠠᠬᠢᠭᠤᠯᠵᠤ᠂ ᠳ᠋ᠤᠭᠠᠷ ᠢ ᠨᠢ ᠬᠠᠰᠤᠵᠤ ᠬᠠᠮᠢᠶᠠᠷᠤᠨ᠂ ᠨᠡᠶᠢᠭᠡᠮ ᠨᠡᠶᠢᠲᠡ ᠳᠤ ᠨᠡᠶᠢᠲᠡᠯᠡᠭᠰᠡᠨ ᠲᠥᠷᠥᠯ ᠵᠦᠢᠯ ᠢ ᠲᠤᠭᠲᠠᠭᠠᠨ ᠴᠠᠭ ᠬᠤᠭᠤᠴᠠᠭᠠᠨ ᠤ ᠳᠣᠲᠣᠷ᠎ᠠ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠪᠠᠲᠤᠯᠠᠬᠤ ᠬᠡᠷᠡᠭᠲᠡᠶ᠃ ᠰᠡᠳᠬᠢᠴᠡ ᠪᠠᠨ ᠥᠷᠭᠡᠨ ᠢᠶᠠᠷ ᠨᠡᠭᠡᠭᠡᠵᠦ᠂ ᠶᠠᠷᠢᠶ᠎ᠠ ᠬᠡᠯᠡᠯᠴᠡᠭᠡᠨ ᠤ ᠵᠠᠮ ᠢ ᠥᠷᠭᠡᠨ ᠢᠶᠠᠷ ᠨᠡᠭᠡᠭᠡᠵᠦ᠂ ᠵᠠᠰᠠᠭ ᠠᠵᠤ ᠠᠬᠤᠶᠢᠯᠠᠯ ᠬᠤᠯᠪᠣᠭᠠᠯᠠᠨ ᠬᠥᠳᠡᠯᠦᠯᠴᠡᠵᠦ᠂ ᠬᠠᠮᠲᠤ ᠪᠠᠷ ᠰᠤᠳᠤᠯᠤᠨ ᠲᠥᠰᠦᠪᠯᠡᠵᠦ᠂ ᠬᠤᠳᠠ ᠶᠢ ᠨᠡᠩ ᠢᠯᠡᠭᠦᠦ ᠣᠷᠣᠰᠢᠨ ᠰᠠᠭᠤᠬᠤ ᠳᠤ ᠲᠠᠭᠠᠯᠠᠮᠵᠢᠲᠠᠢ ᠦᠢᠯᠡᠰ ᠪᠤᠰᠬᠠᠬᠤ ᠳᠤ ᠲᠤᠬᠢᠷᠠᠮᠵᠢᠲᠠᠢ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃   ᠲᠠᠷᠠᠭᠠᠴᠢ ᠶᠢᠨ ᠠᠯᠬᠤᠮ ᠤᠨ ᠠᠵᠢᠯ ᠢ ᠬᠡᠷᠬᠢᠨ ᠰᠠᠶᠢᠲᠤᠷ ᠬᠢᠬᠦ ᠲᠤᠬᠠᠶ ᠵᠣᠣ ᠶᠠᠨ ᠬᠤᠩ ᠢᠯᠡᠷᠬᠡᠶᠢᠯᠡᠬᠦ ᠳᠡᠭᠡᠨ᠂ ᠲᠤᠰᠬᠠᠶ ᠵᠠᠬ᠎ᠠ ᠳᠡᠯᠭᠡᠭᠦᠷ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠬᠦᠢᠲᠡᠨ ᠬᠡᠯᠬᠢᠶᠡᠲᠦ ᠪᠠᠷᠠᠭᠠᠨ ᠤ  ᠭᠦᠢᠯᠭᠡᠭᠡ ᠵᠡᠷᠭᠡ ᠭᠤᠤᠯᠯᠠᠬᠤ ᠠᠵᠤ  ᠦᠢᠯᠡᠰ ᠢ ᠶᠡᠭᠡ ᠪᠠᠷ ᠬᠥᠭᠵᠢᠭᠦᠯᠵᠦ᠂ ᠣᠲᠣ ᠶᠢᠨ ᠪᠠᠶᠢᠭ᠎ᠠ ᠠᠵᠤ  ᠦᠢᠯᠡᠰ ᠪᠠ ᠰᠠᠭᠤᠷᠢ ᠲᠥᠬᠦᠭᠡᠷᠦᠮᠵᠢ ᠶᠢᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠡᠶ᠎ᠡ ᠵᠣᠬᠢᠴᠠᠯ ᠲᠠᠢ ᠣᠷᠣᠰᠢᠨ ᠰᠠᠭᠤᠬᠤ ᠳᠤ ᠲᠣᠬᠢᠷᠠᠮᠵᠢᠲᠠᠶ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠥᠪᠡᠷᠮᠢᠴᠡ ᠣᠨᠴᠠᠯᠢᠭ ᠢ ᠢᠯᠡᠷᠡᠭᠦᠯᠦᠭᠰᠡᠨ ᠠᠵᠤ  ᠦᠢᠯᠡᠰ ᠪᠠ ᠬᠤᠲᠠ ᠶᠢᠨ ᠠᠭᠤᠰᠤᠯᠴᠠᠭᠰᠠᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠣᠶ ᠪᠣᠯᠭᠠᠨ᠎ᠠ ᠭᠡᠵᠡᠶ᠃ ᠬᠤᠳᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠲᠣᠭᠲᠠᠴᠠ ᠶᠢ ᠳᠠᠰᠤᠷᠠᠯᠳᠠ ᠦᠬᠡᠢ ᠪᠦᠷᠢᠨᠰᠢᠬᠦᠯᠵᠦ᠂ ᠬᠤᠳᠠ ᠶᠢᠨ ᠤᠶᠤᠨᠴᠢᠯᠠᠭᠰᠠᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠾᠧ ᠮᠧᠢ ᠬᠦᠷᠢᠶᠡᠯᠡᠩ ᠲᠣᠭᠤᠷᠢᠭ ᠤᠨ ᠳᠠᠭᠠᠭᠠᠴᠠ ᠶᠢᠨ ᠴᠢᠳᠠᠪᠤᠷᠢ ᠪᠣᠯᠤᠨ ᠬᠥᠭᠵᠢᠯᠲᠡ ᠶᠢᠨ ᠲᠦᠪᠰᠢᠨ ᠢ ᠳᠠᠰᠤᠷᠠᠯᠳᠠ ᠦᠬᠡᠢ ᠳᠡᠭᠡᠭᠰᠢᠯᠡᠭᠦᠯᠬᠦ ᠬᠡᠷᠡᠭᠲᠡᠢ᠃   ᠰᠠᠭᠤᠳᠠᠯ ᠤᠨ ᠬᠤᠷᠠᠯ ᠳᠡᠭᠡᠷ᠎ᠡ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠾᠧ ᠮᠧᠢ ᠶᠢᠨ ᠵᠠᠯᠭᠠᠯᠳᠤᠭᠰᠠᠨ ᠤᠷᠤᠨ ᠤᠨ ᠠᠵᠤ ᠦᠢᠯᠡᠰ ᠪᠠ ᠬᠤᠲᠠ ᠶᠢᠨ ᠠᠭᠤᠰᠤᠯᠴᠠᠯ ᠢ ᠶᠡᠷᠦᠩᠬᠡᠶ ᠳᠤᠨᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠯᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠠᠵᠤ ᠦᠢᠯᠡᠰ ᠪᠠ ᠬᠤᠲᠠ ᠶᠢᠨ ᠠᠭᠤᠰᠤᠯᠴᠠᠯ ᠤᠨ ᠬᠥᠭᠵᠢᠯᠲᠡ ᠶᠢᠨ ᠵᠠᠮ ᠢ ᠬᠠᠮᠲᠤ ᠪᠠᠷ ᠰᠤᠳᠤᠯᠤᠨ ᠶᠠᠷᠢᠯᠴᠠᠭᠰᠠᠨ ᠪᠥᠭᠡᠳ ᠾᠧ ᠮᠧᠢ ᠶᠢᠨ ᠵᠠᠯᠭᠠᠯᠳᠤᠭᠰᠠᠨ ᠤᠷᠤᠨ ᠤ ᠠᠵᠤ ᠦᠢᠯᠡᠰ ᠪᠠ ᠬᠤᠲᠠ ᠶᠢᠨ ᠠᠭᠤᠰᠤᠯᠴᠠᠯ ᠢ ᠤᠯᠠᠮ ᠨᠢᠭᠡ ᠠᠯᠬᠤᠮ ᠴᠢᠨᠠᠷ ᠰᠠᠶᠢᠲᠠᠶ ᠬᠥᠭᠵᠢᠭᠦᠯᠬᠦ ᠲᠤᠬᠠᠶ ᠰᠠᠨᠠᠯ ᠰᠠᠨᠠᠭᠤᠯᠭ᠎ᠠ ᠳᠤᠷᠠᠳᠪᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号