ᠮᠠᠨ ᠤ ᠬᠤᠰᠢᠭᠤ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/24
ᠮᠠᠨ ᠤ ᠬᠤᠰᠢᠭᠤ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ   3 ᠰᠠᠷ᠎ᠠ ᠶᠢᠨ 17 ᠤ ᠡᠳᠦᠷ᠂ ᠮᠠᠨ ᠤ ᠬᠤᠰᠢᠭᠤ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠶᠠᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠪᠠᠶ ᠯᠢᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠤ ᠬᠤᠩᠲᠦᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠳ᠋ᠦᠩ ᠯᠸᠢ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠶᠠᠩ ᠸᠧᠨ ᠳ᠋ᠦᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠮᠠ ᠢᠦᠶ ᠬᠦᠶ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠭᠤᠸᠠᠩ ᠵᠢᠶᠦ᠋ᠨ ᠬᠤᠷᠠᠯ ᠳᠤ ᠣᠷᠣᠯᠴᠠᠵᠠᠶ᠃   ᠬᠤᠷᠠᠯ ᠠᠴᠠ 2021 ᠣᠨ ᠤ ᠪᠥᠬᠦ ᠬᠤᠰᠢᠭᠤᠨ ᠤ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ ᠪᠠ ᠠᠯᠪᠠᠯᠠᠬᠤ ᠰᠢᠰᠲ᠋ᠧᠮ ᠤᠨ ᠠᠵᠢᠯ ᠢ ᠡᠷᠭᠢᠴᠡᠭᠦᠯᠦᠨ ᠳ᠋ᠦᠩᠨᠡᠵᠦ᠂ ᠡᠨᠡ ᠵᠢᠯ ᠤᠨ ᠡᠯ᠎ᠡ ᠵᠦᠢᠯ ᠤᠨ ᠠᠵᠢᠯ ᠢ ᠲᠥᠪᠯᠡᠷᠡᠭᠦᠯᠦᠨ ᠪᠠᠶᠢᠷᠢᠯᠠᠭᠤᠯᠵᠠᠶ᠃   ᠹᠠᠩ ᠷᠦᠢ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠡᠯ᠎ᠡ ᠰᠠᠯᠠᠭ᠎ᠠ ᠮᠥᠴᠢᠷ ᠤᠨ ᠬᠢᠨ ᠭᠤᠤᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠵᠦ ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ ᠂ ᠪᠣᠳᠠᠲᠠᠶ ᠶᠢ ᠡᠷᠬᠢᠮᠯᠡᠨ ᠤᠷᠤᠭᠰᠢᠯᠠᠨ ᠳᠡᠪᠰᠢᠵᠦ᠂ ᠡᠯ᠎ᠡ ᠹᠷᠣᠨᠲ ᠤᠨ ᠠᠵᠢᠯ ᠴᠥᠮ ᠢᠯᠡᠳᠲᠡ ᠦᠷ᠎ᠡ ᠪᠦᠲᠦᠮᠵᠢ ᠣᠯᠵᠤ᠂ ᠪᠠᠰᠠ ᠮᠠᠰᠢ ᠣᠯᠠᠨ ᠬᠢᠯᠠᠰ ᠴᠡᠭ ᠲᠠᠢ ᠪᠣᠯᠵᠣ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠭᠰᠠᠨ ᠪᠠᠶᠢᠨ᠎ᠠ ᠭᠡᠵᠠᠢ ᠃   ᠹᠠᠩ ᠷᠦᠢ ᠴᠢᠬᠤᠯᠠᠴᠢᠯᠠᠭᠰᠠᠨ ᠨᠢ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠵᠢᠯ ᠪᠣᠯᠤᠨ᠎ᠠ᠂ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠦᠷᠦ ᠬᠠᠤᠯᠢ ᠴᠠᠭᠠᠵᠠ ᠪᠣᠯᠤᠨ ᠠᠯᠪᠠᠯᠠᠬᠤ ᠰᠢᠰᠲ᠋ᠧᠮ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ᠠᠵᠢᠯ ᠤᠨ ᠬᠢᠷᠢ ᠲᠦᠪᠰᠢᠨ ᠢᠶᠠᠨ ᠦᠨᠡᠨᠬᠦ ᠳᠡᠭᠡᠭᠰᠢᠯᠡᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ᠂ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠬᠤ ᠬᠡᠷᠡᠭᠲᠡᠶ᠃   ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠶᠠᠨ 2021 ᠣᠨ ᠤ ᠠᠵᠢᠯ ᠢᠶᠠᠨ ᠳ᠋ᠦᠩᠨᠡᠵᠦ᠂ 2022 ᠣᠨ ᠤ ᠤᠯᠤᠰ ᠲᠥᠷᠥ ᠬᠠᠤᠯᠢ ᠴᠠᠭᠠᠵᠠ ᠪᠠ ᠨᠢᠭᠡᠳᠦᠮᠡᠯ ᠹᠷᠣᠨᠲ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ︔ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠦ ᠬᠤᠩ ᠲᠦᠦ 2021 ᠣᠨ ᠤ ᠠᠵᠢᠯ ᠢᠶᠠᠨ ᠳ᠋ᠦᠩᠨᠡᠵᠦ᠂ 2022 ᠣᠨ ᠤ ᠵᠣᠬᠢᠶᠠᠨ ᠪᠠᠶᠢᠭᠤᠯᠬᠤ ᠠᠵᠢᠯ ᠢᠶᠠᠨ ᠪᠠᠶᠢᠷᠢᠯᠠᠭᠤᠯᠪᠠ︔ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠳ᠋ᠦᠩ ᠯᠸᠢ 2021 ᠣᠨ ᠤ ᠠᠵᠢᠯ ᠢᠶᠠᠨ ᠳ᠋ᠦᠩᠨᠡᠵᠦ᠂ 2022 ᠣᠨ ᠤ ᠤᠬᠠᠭᠤᠯᠭ᠎ᠠ ᠶᠢᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ︔ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠶᠠᠩ ᠸᠧᠨ ᠳ᠋ᠦᠩ 2021 ᠣᠨ ᠤ ᠠᠵᠢᠯ ᠢᠶᠠᠨ ᠳ᠋ᠦᠩᠨᠡᠵᠦ᠂ 2022 ᠣᠨ ᠤ ᠠᠯᠪᠠᠯᠠᠬᠤ ᠰᠢᠰᠲ᠋ᠧᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃   ᠬᠠᠮᠢᠶ᠎ᠠ ᠪᠥᠬᠦᠶ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠤᠰᠢᠭᠤᠨ ᠲᠠᠰ ᠤᠨ ᠤᠳᠤᠷᠢᠳᠤᠯᠭ᠎ᠠ᠂ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠨᠠᠮ ︵ᠠᠵᠤ ᠦᠢᠯᠡᠳᠪᠦᠷᠢ ︶ ᠤᠨ ᠬᠤᠷᠢᠶ᠎ᠠ ᠶᠢᠨ ᠱᠦᠵᠢ᠂ ᠳᠡᠳ᠋ ᠱᠦᠵᠢ ᠪᠠ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ ᠬᠤᠰᠢᠭᠤᠨ ᠰᠢᠭᠤᠳ ᠬᠠᠷᠢᠶ᠎ᠠ ᠡᠯ᠎ᠡ ᠶᠠᠮᠤᠨ ᠵᠥᠪᠯᠡᠯ ᠠᠯᠪᠠᠨ ᠬᠡᠷ ᠲᠣᠪᠴᠢᠶ᠎ᠠ ︵ᠲᠥᠪ︶᠂ ᠡᠯ᠎ᠡ ᠠᠷᠠᠳ ᠤᠨ ᠪᠦᠯᠬᠦᠮ᠂ ᠬᠡᠰᠡᠭ ᠡᠮᠨᠡᠯᠭᠡ ᠶᠢᠨ ᠬᠤᠷᠢᠶ᠎ᠠ ᠰᠤᠷᠭᠠᠭᠤᠯᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号