ᠬᠤᠰᠢᠭᠤᠨ ᠳᠠᠷᠤᠭ᠎ᠠ ᠵᠣᠣ ᠶᠠᠨ ᠬᠤᠩ ᠮᠠᠨ ᠤ ᠬᠤᠰᠢᠭᠤᠨ ᠤ ᠠᠶᠢᠯ ᠲᠣᠰᠬᠤᠨ ᠭᠤᠤᠯ ᠨᠠᠭᠤᠷ ᠤᠨ ᠠᠮᠢ ᠠᠬᠤᠶ ᠶᠢᠨ ᠣᠷᠴᠢᠨ ᠲᠣᠭᠤᠷᠢᠨ ᠤ ︽ᠬᠠᠪᠤᠷ ᠤᠨ ᠤᠯᠠᠷᠢᠯ︾ ᠤᠨ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/3/24
ᠬᠤᠰᠢᠭᠤᠨ ᠳᠠᠷᠤᠭ᠎ᠠ ᠵᠣᠣ ᠶᠠᠨ ᠬᠤᠩ ᠮᠠᠨ ᠤ ᠬᠤᠰᠢᠭᠤᠨ ᠤ ᠠᠶᠢᠯ ᠲᠣᠰᠬᠤᠨ ᠭᠤᠤᠯ ᠨᠠᠭᠤᠷ ᠤᠨ ᠠᠮᠢ ᠠᠬᠤᠶ ᠶᠢᠨ ᠣᠷᠴᠢᠨ ᠲᠣᠭᠤᠷᠢᠨ ᠤ ︽ᠬᠠᠪᠤᠷ ᠤᠨ ᠤᠯᠠᠷᠢᠯ︾ ᠤᠨ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ   3 ᠰᠠᠷ᠎ᠠ ᠶᠢᠨ 21 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠤ ᠶᠠᠨ ᠬᠤᠩ ᠮᠠᠨ ᠤ ᠬᠤᠰᠢᠭᠤᠨ ᠤ ᠠᠶᠢᠯ ᠲᠣᠰᠬᠤᠨ ᠤ ᠭᠤᠤᠯ ᠨᠠᠭᠤᠷ ᠤᠨ ᠠᠮᠢ ᠠᠬᠤᠶ ᠶᠢᠨ ᠣᠷᠴᠢᠨ ᠲᠣᠭᠤᠷᠢᠨ ᠤ ︽ᠬᠠᠪᠤᠷ ᠤᠨ ᠤᠯᠠᠷᠢᠯ︾ ᠤᠨ ᠠᠵᠢᠯᠯᠠᠭ᠎ᠠ ᠶᠢ ᠥᠷᠨᠢᠭᠦᠯᠵᠦ ᠪᠠᠶᠢᠭ᠎ᠠ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠳᠡᠳ᠋ ᠬᠤᠰᠢᠭᠤᠨ ᠳᠠᠷᠤᠭ᠎ᠠ ᠪᠢᠴᠢᠭᠲᠦ ᠂ ᠬᠤᠰᠢᠭᠤᠨ ᠵᠠᠰᠠᠭ ᠤᠨ ᠣᠷᠳᠣᠨ ᠤ ᠠᠯᠪᠠᠨ ᠬᠡᠷ᠂ ᠬᠤᠰᠢᠭᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠰᠢᠭᠤᠨ ᠤᠰᠤᠨ ᠠᠰᠢᠭᠯᠠᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃   ᠵᠤᠤ ᠶᠠᠨ ᠬᠤᠩ ᠨᠠᠷ ᠤᠷᠢᠳ ᠬᠤᠵᠢᠳ ᠨᠢᠦ ᠵᠢᠶᠠ ᠢᠩᠽᠢ ᠪᠠᠯᠭᠠᠰᠤ᠂ ᠠᠷᠪᠠᠨ ᠭᠡᠷ ᠮᠠᠨᠵᠤ ᠦᠨᠳᠦᠰᠦᠲᠡᠨ ᠤ ᠰᠢᠶᠠᠩ᠂ ᠨᠠᠷᠢᠨ ᠪᠠᠯᠭᠠᠰᠤ᠂ ᠰᠢ ᠴᠢᠶᠣᠤ ᠪᠠᠯᠭᠠᠰᠤ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠭᠤᠣᠯ ᠤᠨ ᠵᠠᠮ ᠢ ᠴᠡᠭᠴᠡᠯᠡᠨ ᠵᠠᠰᠠᠭᠰᠠᠨ ᠵᠢᠴᠢ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠵᠠᠰᠠᠭᠰᠠᠨ ᠪᠠᠶᠢᠳᠠᠯ ᠢ ᠪᠠᠶᠢᠴᠠᠭᠠᠨ ᠦᠵᠡᠵᠦ᠂ ᠲᠤᠬᠠᠢ ᠶᠢᠨ ᠲᠠᠯᠠᠪᠠᠢ ᠳᠤ ᠡᠯ᠎ᠡ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠭᠤᠣᠯ ᠤᠨ ᠵᠠᠮ ᠤᠨ ︽ᠳᠦᠷᠪᠡ ᠰᠠᠮᠠᠭᠤᠨ ᠶᠢ ᠴᠡᠭᠴᠡᠯᠡᠬᠦ ︾᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠵᠡᠷᠭᠡ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃   ᠵᠣᠣ ᠶᠠᠨ ᠬᠤᠩ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠲᠣᠰ ᠤᠳᠠᠭᠠᠨ ᠤ ᠠᠶᠢᠯ ᠲᠣᠰᠬᠤᠨ ᠭᠤᠤᠯ ᠮᠥᠷᠡᠨ ᠨᠠᠭᠤᠷ ᠴᠥᠭᠦᠷᠥᠮ ᠤᠨ ᠣᠷᠴᠢᠨ ᠨᠥᠬᠦᠴᠡᠯ ᠢ ᠴᠡᠭᠴᠡᠯᠡᠨ ᠵᠠᠰᠠᠬᠤ ︽ᠬᠠᠪᠤᠷ ᠤᠨ ᠤᠯᠠᠷᠢᠯ︾ ᠤᠨ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠶ᠃ ᠭᠤᠣᠯ ᠤᠨ ᠵᠠᠮ ᠤᠨ ᠬᠤᠭ ᠨᠣᠪᠰᠢ᠂ ᠴᠠᠭᠠᠨ ᠤ ᠪᠣᠬᠢᠷᠲᠤᠯ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠶᠢᠨ ᠪᠠᠭᠠᠰᠤᠨ ᠪᠣᠬᠢᠷᠲᠤᠯ ᠢ ᠰᠢᠢᠳᠪᠦᠷᠢᠯᠡᠬᠦ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠨᠠᠶᠢᠳᠠᠪᠤᠷᠢᠵᠢᠭᠤᠯᠵᠤ᠂ ᠬᠤᠭ ᠨᠣᠪᠰᠢ ᠶᠢ ᠰᠢᠢᠳᠪᠦᠷᠢᠯᠡᠬᠦ ᠴᠢᠳᠠᠪᠤᠷᠢ ᠶᠢ ᠴᠢᠩᠭᠠᠳᠬᠠᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠪᠠᠲᠤᠯᠠᠵᠤ᠂ ᠥᠷᠭᠡᠨ ᠤᠯᠠᠨ ᠠᠷᠠᠳ ᠲᠦᠮᠡᠨ ᠳᠤ ᠠᠷᠢᠭᠤᠨ ᠴᠡᠪᠡᠷ᠂ ᠲᠠᠭᠠᠯᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠵᠤ ᠥᠭᠬᠦ ᠬᠡᠷᠡᠭᠲᠡᠢ ᠭᠡᠵᠠᠢ ᠃   ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠤ ᠳᠠᠷᠠᠭ᠎ᠠ᠂ ᠵᠣᠣ ᠶᠠᠨ ᠬᠤᠩ ᠪᠥᠬᠦ ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠪᠠ ᠠᠶᠢᠯ ᠲᠣᠰᠬᠤᠨ ᠭᠤᠤᠯ ᠨᠠᠭᠤᠷ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ︽ᠬᠠᠪᠤᠷ ᠤᠨ ᠤᠯᠠᠷᠢᠯ︾ ᠤᠨ ᠠᠵᠢᠯᠯᠠᠭ᠎ᠠ ᠶᠢ ᠬᠢᠨᠠᠨ ᠵᠢᠯᠣᠭᠤᠳᠴᠤ ᠬᠠᠷᠢᠭᠤ ᠲᠤᠰᠬᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠠᠷᠢᠶᠠᠯᠠᠩ ᠮᠠᠯ ᠠᠵᠤ ᠠᠬᠤᠶ᠂ ᠤᠰᠤᠨ ᠠᠰᠢᠭᠯᠠᠯᠲᠠ᠂ ᠠᠮᠢ ᠠᠬᠤᠶ ᠶᠢᠨ ᠣᠷᠴᠢᠨ ᠲᠣᠭᠤᠷᠢᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠰᠠᠯᠠᠭ᠎ᠠ ᠮᠥᠴᠢᠷ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠰᠢᠪᠠᠳᠠᠨ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠢ ᠲᠥᠪᠯᠡᠷᠡᠭᠦᠯᠦᠨ ᠡᠮᠬᠢᠯᠡᠵᠦ ᠬᠠᠷᠢᠭᠤ ᠲᠤᠰᠬᠠᠪᠠ᠃   ᠵᠤᠤ ᠶᠠᠨ ᠬᠤᠩ ᠴᠢᠬᠤᠯᠴᠠᠯᠠᠭᠰᠠᠨ ᠨᠢ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ ᠨᠠᠷᠢᠨ ᠳᠠᠩᠰᠠ ᠲᠠᠢ ᠴᠢᠩᠭ᠎ᠠ ᠬᠠᠷᠢᠴᠠᠭᠤᠯᠵᠤ ᠂ ᠥᠪᠡᠷ ᠢ ᠪᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠥᠷᠨᠢᠭᠦᠯᠵᠦ᠂ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠠᠢ᠃ ᠠᠵᠢᠯ ᠤᠨ ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠠᠶᠢᠯ ᠲᠣᠰᠬᠤᠨ ᠤ ᠭᠤᠣᠯ ᠮᠥᠷᠡᠨ ᠨᠠᠭᠤᠷ ᠴᠥᠭᠦᠷᠥᠮ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠲᠦᠷᠭᠡᠨ ᠨᠥᠬᠦᠪᠥᠷᠢᠯᠡᠬᠦ ᠬᠡᠷᠡᠭᠲᠡᠢ᠃ ᠬᠢᠨᠠᠯᠲᠠ ᠲᠠᠯᠪᠢᠬᠤ ᠪᠠ ᠬᠢᠨᠠᠨ ᠰᠢᠯᠭᠠᠬᠤ ᠡᠷᠴᠢᠮ ᠢ ᠴᠢᠩᠬᠠᠳᠬᠠᠨ᠂ ᠬᠠᠮᠲᠤᠷᠠᠨ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠪᠠᠶᠢᠩᠭᠤᠵᠢᠭᠰᠠᠨ ᠵᠠᠰᠠᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠦᠭᠦ ᠬᠤᠰᠢᠭᠤᠨ ᠤ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号