ᠾᠧᠨᠠᠨ ᠵᠡᠭᠡᠯᠢ ᠭᠤᠳᠤᠮᠵᠢ᠄ ︽ᠭᠤᠤᠯ ᠤᠨ ᠳᠠᠷᠤᠭ᠎ᠠ ᠶᠢᠨ ᠲᠦᠷᠢᠮ︾ ᠤᠨ ᠣᠷᠴᠢᠨ ᠠᠬᠤᠶ ᠶᠢᠨ ᠴᠡᠭᠴᠡᠯᠡᠨ ᠵᠠᠰᠠᠯᠲᠠ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ ᠳᠠᠬᠢᠨ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2022/3/25
ᠾᠧᠨᠠᠨ ᠵᠡᠭᠡᠯᠢ ᠭᠤᠳᠤᠮᠵᠢ᠄ ︽ᠭᠤᠤᠯ ᠤᠨ ᠳᠠᠷᠤᠭ᠎ᠠ ᠶᠢᠨ ᠲᠦᠷᠢᠮ︾ ᠤᠨ ᠣᠷᠴᠢᠨ ᠠᠬᠤᠶ ᠶᠢᠨ ᠴᠡᠭᠴᠡᠯᠡᠨ ᠵᠠᠰᠠᠯᠲᠠ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ ᠳᠠᠬᠢᠨ ᠳᠡᠭᠡᠭᠰᠢᠯᠡᠭᠦᠯᠦᠨ᠎ᠡ   ᠠᠶᠢᠯ ᠲᠣᠰᠬᠤᠨ ᠤ ᠭᠤᠤᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢᠨ ᠣᠷᠴᠢᠨ ᠨᠥᠬᠦᠴᠡᠯ ᠤᠨ ︽ᠬᠠᠪᠤᠷ ᠤᠨ ᠤᠯᠠᠷᠢᠯ︾ ᠤᠨ ᠠᠵᠢᠯᠯᠠᠭ᠎ᠠ ᠶᠢᠨ ᠣᠷᠴᠢᠨ ᠠᠬᠤᠶ ᠶᠢᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ︽ᠭᠤᠤᠯ ᠤᠨ ᠳᠠᠷᠤᠭ᠎ᠠ ᠶᠢᠨ ᠲᠦᠷᠢᠮ︾ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠬᠦ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠾᠧᠨᠠᠨ ᠵᠡᠭᠡᠯᠢ ᠭᠤᠳᠤᠮᠵᠢ ᠲᠣᠰᠬᠤᠨ ᠬᠤᠶᠠᠷ ᠱᠠᠲᠤᠨ ᠤ ᠭᠤᠤᠯ ᠤᠨ ᠳᠠᠷᠤᠭ᠎ᠠ ᠬᠠᠷᠢᠶᠠᠲᠤ ᠣᠷᠣᠨ ᠤ ᠪᠠᠨ ᠳᠣᠲᠣᠷᠠᠬᠢ ᠭᠤᠤᠯ ᠤᠨ ᠵᠠᠮ ᠳᠤ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠬᠢᠵᠦ᠂ ᠭᠤᠤᠯ ᠤᠨ ᠵᠠᠮ ᠤᠨ ︽ᠳᠥᠷᠪᠡᠨ ᠰᠠᠮᠠᠭᠤᠨ ᠢ ᠴᠡᠪᠡᠷᠯᠡᠬᠦ︾ ᠪᠠ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠶᠡᠷᠦᠩᠬᠡᠶᠢᠯᠡᠨ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯ ᠢ ᠲᠥᠪᠯᠡᠷᠡᠭᠦᠯᠦᠨ ᠥᠷᠨᠢᠭᠦᠯᠪᠡ᠃   ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠮᠬᠢ ᠵᠢᠷᠤᠮ ᠲᠠᠢ ᠪᠠᠷ ᠠᠬᠢᠭᠤᠯᠤᠨ᠎ᠠ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠯᠲᠠ ᠶᠢ ᠵᠡᠭᠡᠯᠢ ᠭᠤᠳᠤᠮᠵᠢ ᠶᠢᠨ ᠭᠤᠣᠯᠳᠠᠯᠭ᠎ᠠ ᠲᠠᠢ ᠠᠵᠢᠯ ᠪᠣᠯᠭᠠᠨ ᠠᠳᠬᠤᠵᠤ᠂ ᠤᠷᠢᠳ ᠬᠤᠵᠢᠳ ᠤᠯᠠᠨ ᠤᠳᠠᠭ᠎ᠠ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠨᠠᠷᠢᠨ ᠨᠢᠮᠪᠠᠢ ᠬᠡᠷᠡᠭᠵᠢᠭᠦᠯᠬᠦ ᠲᠥᠰᠦᠯ ᠢ ᠰᠤᠳᠤᠯᠤᠨ ᠲᠣᠭᠲᠠᠭᠠᠵᠤ᠂ ︽ᠭᠤᠣᠯ ᠮᠥᠷᠡᠨ ᠤ ᠳᠠᠷᠤᠭ᠎ᠠ ᠶᠢᠨ ᠲᠦᠷᠢᠮ︾ ᠤᠨ ᠠᠵᠢᠯ ᠲᠠᠢ ᠤᠶᠠᠯᠳᠤᠭᠤᠯᠵᠤ᠂ ᠪᠦᠬᠦ ᠣᠷᠣᠨ ᠪᠦᠰᠡ ᠳᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠣᠷᠴᠢᠨ ᠲᠣᠭᠤᠷᠢᠨ ᠤ ᠠᠰᠠᠭᠤᠳᠠᠯ ᠤᠨ ᠳᠤᠲᠠᠭᠤᠳᠠᠯ ᠢ ᠡᠷᠢᠵᠦ᠂ ᠴᠢᠭᠯᠡᠭᠦᠯᠬᠦ ᠴᠢᠨᠠᠷᠲᠠᠢ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠳᠤᠷᠠᠳᠴᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ᠂ ᠯᠠᠪᠳᠠᠭᠤᠨ ᠪᠠᠲᠤᠲᠠᠢ᠂ ᠥᠨᠳᠥᠷ ᠪᠦᠲᠦᠮᠵᠢᠲᠡᠢ ᠪᠠᠷ ᠠᠬᠢᠭᠤᠯᠪᠠ᠃   ᠤᠬᠠᠭᠤᠯᠭ᠎ᠠ ᠪᠠᠨ ᠴᠢᠩᠭᠠᠳᠬᠠᠵᠤ᠂ ᠪᠥᠬᠦ ᠠᠵᠢᠯᠲᠠᠨ ᠢ ᠣᠷᠣᠯᠴᠠᠭᠤᠯᠤᠨ᠎ᠠ᠃ ︽ᠲᠣᠰᠬᠤᠨ ᠪᠣᠯᠭᠠᠨ ᠳᠤ ᠳᠠᠭᠤᠷᠢᠰᠬᠤ︾ ᠪᠦᠷᠢᠶ᠎ᠡ᠂ ᠸᠢᠴᠠᠲ ᠤᠨ ᠪᠦᠯᠦᠭ᠂ ᠤᠬᠠᠭᠤᠯᠭ᠎ᠠ ᠶᠢᠨ ᠪᠤᠯᠤᠩ᠂ ᠰᠠᠨᠠᠭᠠᠴᠢᠯᠠᠭ᠎ᠠ ᠶᠢᠨ ᠪᠢᠴᠢᠭ ᠲᠠᠷᠬᠠᠭᠠᠬᠤ ᠵᠡᠷᠭᠡ ᠣᠯᠠᠨ ᠤᠨ ᠬᠡᠯᠪᠡᠷᠢ ᠶᠢ ᠭᠦᠢᠴᠡᠳ ᠠᠰᠢᠭᠯᠠᠨ ᠣᠯᠠᠨ ᠲᠦᠮᠡᠨ ᠳᠤ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠪᠠ ᠵᠣᠷᠢᠯᠭ᠎ᠠ ᠶᠢ ᠥᠷᠭᠡᠨ ᠢᠶᠠᠷ ᠤᠬᠠᠭᠤᠯᠵᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ ᠪᠣᠯᠭᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠳᠤ ᠢᠳᠡᠪᠬᠢᠲᠡᠶ ᠣᠷᠣᠯᠴᠠᠭᠤᠯᠤᠨ᠎ᠠ᠃ ᠡᠭᠦᠨ ᠤ ᠬᠠᠮᠲᠤ᠂ ︽ᠭᠤᠷᠪᠠᠨ ᠬᠤᠷᠠᠯ ᠨᠢᠭᠡ ᠬᠢᠴᠢᠶᠡᠯ︾᠂ ︽ᠭᠤᠤᠯ ᠰᠡᠳᠦᠪᠲᠦ ᠨᠠᠮ ᠤᠨ ᠡᠳᠦᠷ︾ ᠵᠡᠷᠭᠡ ᠠᠵᠢᠯᠯᠠᠭ᠎ᠠ ᠳᠤ ᠲᠦᠰᠢᠭᠯᠡᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ︽ᠨᠠᠮ ᠤᠨ ᠡᠭᠦᠷ ᠬᠥᠲᠥᠯᠦᠨ ᠳᠠᠭᠠᠭᠤᠯᠬᠤ᠂ ᠨᠠᠮ ᠤᠨ ᠭᠡᠰᠢᠭᠦᠨ ᠲᠦᠷᠦᠭᠦᠯᠡᠬᠦ᠂ ᠣᠯᠠᠨ ᠲᠦᠮᠡᠨ ᠣᠷᠣᠯᠴᠠᠬᠤ︾ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠬᠡᠷᠡᠭᠲᠡᠶ᠃   ᠳᠠᠷᠠᠭᠠᠴᠢ ᠶᠢᠨ ᠠᠯᠬᠤᠮ ᠳᠤ᠂ ᠾᠧᠨᠠᠨ ᠵᠡᠭᠡᠯᠢ ᠭᠤᠳᠤᠮᠵᠢ ᠶᠢᠨ ᠬᠢᠨ ᠦᠷᠭᠦᠯᠵᠢᠯᠡᠨ ᠲᠤᠷᠰᠢᠯᠭ᠎ᠠ ᠪᠠᠨ ᠳ᠋ᠦᠩᠨᠡᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠪᠦᠬᠦ ᠵᠡᠭᠡᠯᠢ ᠶᠢᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠢ ᠦᠷᠭᠦᠯᠵᠢᠯᠡᠨ ᠳᠠᠶᠢᠴᠢᠯᠠᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠳᠤ ᠣᠷᠣᠯᠴᠠᠭᠤᠯᠵᠤ᠂ ᠣᠷᠴᠢᠨ ᠲᠣᠭᠤᠷᠢᠨ ᠤ ᠠᠰᠠᠭᠤᠳᠠᠯ ᠢ ᠨᠢᠭᠡ ᠶᠢ ᠢᠯᠡᠷᠡᠭᠦᠯᠪᠡᠯ ᠨᠢᠭᠡ ᠶᠢ ᠴᠡᠪᠡᠷᠯᠡᠬᠦ ᠶᠢ ᠪᠠᠲᠤᠯᠠᠵᠤ᠂ ᠠᠶᠢᠯ ᠲᠣᠰᠬᠤᠨ ᠭᠤᠣᠯ ᠨᠠᠭᠤᠷ ᠤᠨ ᠠᠮᠢ ᠠᠬᠤᠢ ᠶᠢᠨ ᠣᠷᠴᠢᠨ ᠲᠣᠭᠤᠷᠢᠨ ᠤ ︽ᠬᠠᠪᠤᠷ ᠤᠨ ᠤᠯᠠᠷᠢᠯ︾ ᠤᠨ ᠠᠵᠢᠯᠯᠠᠭ᠎ᠠ ᠶᠢᠨ ᠠᠵᠢᠯ ᠤᠨ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠦᠨ᠎ᠡ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号