ᠵᠤᠤ ᠶᠠᠨ ᠬᠤᠩ ᠾᠧ ᠮᠧᠢ ᠠᠵᠤ ᠦᠢᠯᠡᠰ ᠬᠤᠳᠠ ᠶᠢ ᠠᠭᠤᠰᠤᠯᠴᠠᠭᠤᠯᠬᠤ ᠵᠢᠱᠢᠶ᠎ᠡ ᠦᠵᠡᠭᠦᠯᠬᠦ ᠲᠣᠭᠤᠷᠢᠭ ᠤᠨ ᠪᠦᠳᠦᠭᠡᠨ ᠪᠠᠶᠢᠭᠤᠯᠤᠯᠲᠠ ᠬᠥᠭᠵᠢᠯᠲᠡ ᠶᠢᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/25
ᠵᠤᠤ ᠶᠠᠨ ᠬᠤᠩ ᠾᠧ ᠮᠧᠢ ᠠᠵᠤ ᠦᠢᠯᠡᠰ ᠬᠤᠳᠠ ᠶᠢ ᠠᠭᠤᠰᠤᠯᠴᠠᠭᠤᠯᠬᠤ ᠵᠢᠱᠢᠶ᠎ᠡ ᠦᠵᠡᠭᠦᠯᠬᠦ ᠲᠣᠭᠤᠷᠢᠭ ᠤᠨ ᠪᠦᠳᠦᠭᠡᠨ ᠪᠠᠶᠢᠭᠤᠯᠤᠯᠲᠠ ᠬᠥᠭᠵᠢᠯᠲᠡ ᠶᠢᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ   3 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠤ ᠶᠠᠨ ᠬᠤᠩ ᠾᠧ ᠮᠧᠢ ᠠᠵᠤ  ᠦᠢᠯᠡᠰ ᠬᠤᠲᠠ ᠶᠢᠨ ᠠᠭᠤᠰᠤᠯᠴᠠᠯ ᠤᠨ ᠵᠢᠱᠢᠶ᠎ᠡ ᠦᠵᠡᠭᠦᠯᠬᠦ ᠲᠣᠭᠤᠷᠢᠭ ᠤᠨ ᠪᠠᠶᠢᠭᠤᠯᠤᠯᠲᠠ ᠬᠥᠭᠵᠢᠯᠲᠡ ᠶᠢᠨ ᠶᠠᠷᠢᠯᠴᠠᠬᠤ ᠬᠤᠷᠠᠯ ᠢ ᠡᠷᠭᠢᠯᠠᠨ ᠬᠤᠷᠠᠯᠳᠤᠭᠤᠯᠵᠤ᠂ ᠳᠡᠳ᠋ ᠬᠤᠰᠢᠭᠤᠨ ᠳᠠᠷᠤᠭ᠎ᠠ ᠢ ᠰᠢᠤ ᠴᠢᠤᠸᠠᠨ ᠵᠢᠴᠢ ᠬᠠᠮᠢᠶ᠎ᠠ ᠪᠦᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃   ᠵᠤᠤ ᠶᠠᠨ ᠬᠤᠩ ᠵᠢᠭᠠᠵᠤ ᠭᠠᠷᠭᠠᠭᠰᠠᠨ ᠨᠢ ᠂ ᠬᠤᠳᠠ ᠶᠢᠨ ᠨᠠᠮ ᠤᠨ ᠬᠤᠷᠢᠶ᠎ᠡ ᠂ ᠵᠠᠰᠠᠭ ᠤᠨ ᠣᠷᠳᠣᠨ ᠾᠧ ᠮᠧᠢ ᠰᠢᠨ᠎ᠡ ᠲᠣᠭᠤᠷᠢᠭ ᠤᠨ ᠠᠵᠤ ᠦᠢᠯᠡᠰ ᠬᠤᠳᠠ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠠᠶᠢᠲᠤᠷ ᠲᠥᠯᠥᠪᠵᠢᠭᠦᠯᠵᠦ᠂ ᠰᠠᠶᠢᠲᠤᠷ ᠪᠦᠳᠦᠭᠡᠨ ᠪᠠᠶᠢᠭᠤᠯᠵᠤ᠂ ᠰᠠᠶᠢᠲᠤᠷ ᠬᠥᠭᠵᠢᠭᠦᠯᠬᠦ ᠪᠠ ᠾᠧ ᠮᠧᠢ ᠠᠵᠤ ᠦᠢᠯᠡᠰ ᠬᠤᠳᠠ ᠶᠢ ᠠᠭᠤᠰᠤᠯᠴᠠᠭᠤᠯᠤᠨ ᠵᠢᠱᠢᠶ᠎ᠡ ᠦᠵᠡᠭᠦᠯᠬᠦ ᠲᠣᠭᠤᠷᠢᠭ ᠤᠨ ᠪᠦᠳᠦᠭᠡᠨ ᠪᠠᠶᠢᠭᠤᠯᠤᠯᠲᠠ ᠨᠢ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠳᠤ ᠬᠤᠯᠪᠣᠭᠳᠠᠵᠤ᠂ ᠠᠵᠤ ᠠᠬᠤᠢ ᠶᠢᠨ ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠠᠰᠢᠭ ᠲᠤ ᠬᠤᠯᠪᠣᠭᠳᠠᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠾᠧ ᠮᠧᠢ ᠰᠢᠨ᠎ᠡ ᠲᠣᠭᠤᠷᠢᠭ ᠤᠨ ᠠᠵᠤ ᠦᠢᠯᠡᠰ ᠬᠤᠳᠠ ᠶᠢ ᠠᠭᠤᠰᠤᠯᠴᠠᠭᠤᠯᠤᠨ ᠬᠥᠭᠵᠢᠭᠦᠯᠬᠦ ᠪᠦᠳᠦᠬᠡᠨ ᠪᠠᠶᠢᠭᠤᠯᠤᠯᠲᠠ ᠶᠢᠨ ᠴᠢᠬᠤᠯᠠ ᠴᠢᠨᠠᠷ᠂ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠪᠦᠳᠦᠬᠡᠨ ᠪᠠᠶᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠳᠤᠲᠠᠭᠤᠳᠠᠯ ᠪᠠ ᠬᠦᠷᠦᠯᠴᠡᠬᠦ ᠦᠬᠡᠢ ᠲᠠᠯ᠎ᠠ ᠶᠢ ᠨᠠᠷᠢᠨ ᠬᠢᠨᠠᠮᠠᠭᠠᠢ ᠡᠮᠬᠢᠯᠡᠵᠦ᠂ ᠤᠯᠠᠨ ᠢᠶᠠᠷ ᠢᠶᠠᠨ ᠠᠷᠭ᠎ᠠ ᠤᠬᠠᠭᠠᠨ ᠭᠠᠷᠭᠠᠵᠤ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠵᠦ᠂ ᠭᠦᠨᠵᠡᠭᠡᠢ ᠰᠤᠳᠤᠯᠵᠤ᠂ ᠴᠢᠭᠯᠡᠭᠦᠯᠬᠦ ᠴᠢᠨᠠᠷᠲᠠᠢ ᠪᠠᠷ ᠦᠨᠡᠨᠬᠦ ᠶᠠᠪᠤᠭᠳᠠᠭᠤᠰᠢᠲᠠᠢ ᠰᠢᠢᠳᠪᠦᠷᠢᠯᠡᠬᠦ ᠰᠠᠨᠠᠯ ᠪᠠ ᠰᠠᠨᠠᠭᠤᠯᠭ᠎ᠠ ᠶᠢ ᠳᠤᠷᠠᠳᠬᠤ ᠬᠡᠷᠡᠭᠲᠡᠢ᠃   ᠵᠤᠤ ᠶᠠᠨ ᠬᠤᠩ ᠴᠢᠬᠤᠯᠠᠴᠢᠯᠠᠭᠰᠠᠨ ᠨᠢ ᠂ ᠡᡁᠧ ᠮᠧᠢ ᠰᠢᠨ᠎ᠡ ᠲᠣᠭᠤᠷᠢᠭ ᠤᠨ ᠡᡁᠧ ᠰᠢ ᠶᠢᠨ ᠵᠠᠯᠭᠠᠯᠳᠤᠭᠰᠠᠨ ᠣᠷᠣᠨ ᠳᠤ ᠬᠤᠳᠠ ᠪᠠᠷ ᠦᠢᠯᠡᠳᠪᠦᠷᠢᠯᠡᠯ ᠢ ᠳᠠᠶᠢᠴᠢᠯᠠᠬᠤ ᠶᠢ ᠪᠠᠷᠢᠮᠲᠠᠯᠠᠵᠤ᠂ ᠡᡁᠧ ᠳ᠋ᠦᠩ ᠤᠨ ᠵᠠᠯᠭᠠᠯᠳᠤᠭᠰᠠᠨ ᠣᠷᠣᠨ ᠳᠤ ᠦᠢᠯᠡᠳᠪᠦᠷᠢᠯᠡᠯ ᠢᠶᠠᠷ ᠬᠤᠳᠠ ᠶᠢ ᠮᠠᠨᠳᠤᠭᠤᠯᠬᠤ ᠶᠢ ᠪᠠᠷᠢᠮᠲᠠᠯᠠᠵᠤ᠂ ᠭᠤᠣᠯᠯᠠᠬᠤ ᠠᠵᠤ ᠦᠢᠯᠡᠰ ᠢ ᠦᠨᠡᠨᠬᠦ ᠲᠣᠳᠣᠷᠬᠠᠶᠢᠯᠠᠬᠤ ᠬᠡᠷᠡᠭᠲᠡᠢ︔ ᠠᠷᠠᠳ ᠤᠨ ᠠᠮᠢᠳᠤᠷᠠᠯ ᠳᠤ ᠬᠤᠯᠪᠣᠭᠳᠠᠬᠤ ᠲᠠᠯ᠎ᠠ ᠪᠠᠷ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠬᠦᠴᠦᠯᠡᠨ ᠴᠢᠩᠭᠠᠳᠬᠠᠵᠤ᠂ ᠣᠷᠣᠰᠢᠨ ᠰᠠᠭᠤᠬᠤ ᠳᠤ ᠲᠠᠭᠠᠯᠠᠮᠵᠢᠲᠠᠢ ᠾᠧ ᠮᠧᠢ ᠰᠢᠨ᠎ᠡ ᠬᠤᠳᠠ ᠶᠢ ᠪᠦᠬᠦ ᠬᠦᠴᠦᠨ ᠢᠶᠠᠷ ᠢᠶᠠᠨ ᠪᠦᠳᠦᠭᠡᠨ ᠪᠠᠶᠢᠭᠤᠯᠬᠤ ᠬᠡᠷᠡᠭᠲᠡᠢ︔ ᠪᠠᠶᠢᠭᠤᠯᠤᠯ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠨᠡᠶᠢᠭᠡᠮ ᠤᠨ ᠬᠠᠮᠢᠶᠠᠷᠤᠯᠲᠠ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠵᠡᠷᠭᠡ ᠬᠠᠮᠢᠶᠠᠷᠤᠯᠲᠠ ᠶᠢᠨ ᠲᠣᠭᠲᠠᠴᠠ ᠶᠢ ᠬᠤᠳᠠ ᠶᠢᠨ ᠪᠦᠳᠦᠭᠡᠨ ᠪᠠᠶᠢᠭᠤᠯᠤᠯᠲᠠ ᠲᠠᠢ ᠦᠨᠡᠨ ᠬᠦ ᠵᠣᠬᠢᠴᠠᠭᠤᠯᠬᠤ ᠬᠡᠷᠡᠭᠲᠡᠶ᠃   ᠬᠤᠷᠠᠯ ᠳᠡᠭᠡᠷ᠎ᠡ᠂ ᠡᡁᠧ ᠮᠧᠢ ᠶᠢᠨ ᠠᠵᠤ ᠦᠢᠯᠡᠳᠪᠦᠷᠢ ᠠᠷᠠᠯᠵᠢᠶᠠᠨ ᠤ ᠬᠦᠷᠢᠶᠡᠯᠡᠩ ᠲᠣᠭᠤᠷᠢᠭ ᠤᠨ ᠬᠠᠷᠢᠭᠤᠴᠠᠯᠭᠠᠲᠠᠨ ᠠᠴᠠ ᠬᠤᠳᠠ ᠶᠢᠨ ᠦᠢᠯᠡᠳᠪᠦᠷᠢᠯᠡᠯ ᠬᠤᠳᠠ ᠶᠢ ᠠᠭᠤᠰᠤᠯᠴᠠᠭᠤᠯᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠳᠤᠷᠠᠳᠤᠭᠰᠠᠨ ᠰᠠᠨᠠᠯ ᠢ ᠤᠯᠠᠮᠵᠢᠯᠠᠵᠤ᠂ ᠡᡁᠧ ᠮᠧᠢ ᠶᠢᠨ ᠰᠢᠨ᠎ᠡ ᠲᠣᠭᠤᠷᠢᠭ ᠤᠨ ᠬᠥᠭᠵᠢᠯᠲᠡ ᠶᠢᠨ ᠣᠳᠣᠬᠢ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠾᠧ ᠮᠧᠢ ᠰᠢᠨ᠎ᠡ ᠲᠣᠭᠤᠷᠢᠭ ᠤᠨ ᠦᠢᠯᠡᠳᠪᠦᠷᠢᠯᠡᠯ ᠬᠤᠳᠠ ᠶᠢ ᠠᠭᠤᠰᠤᠯᠴᠠᠭᠤᠯᠤᠨ ᠬᠥᠭᠵᠢᠭᠦᠯᠬᠦ ᠠᠵᠢᠯ ᠤᠨ ᠲᠤᠬᠠᠢ ᠭᠦᠨᠵᠡᠭᠡᠢ ᠶᠠᠷᠢᠯᠴᠠᠪᠠ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号