ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠵᠢᠨᠱᠠᠨ ᠪᠠᠯᠭᠠᠰᠤᠨ ᠳᠤ ᠬᠦᠷᠴᠦ ᠠᠵᠤ ᠦᠢᠯᠡᠰ ᠤᠨ ᠬᠥᠭᠵᠢᠯᠲᠡ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/3/25
ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠵᠢᠨᠱᠠᠨ ᠪᠠᠯᠭᠠᠰᠤᠨ ᠳᠤ ᠬᠦᠷᠴᠦ ᠠᠵᠤ ᠦᠢᠯᠡᠰ ᠤᠨ ᠬᠥᠭᠵᠢᠯᠲᠡ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ   3 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠶᠢᠨ ᠱᠠᠨ ᠪᠠᠯᠭᠠᠰᠤᠨ ᠳᠤ ᠬᠦᠷᠴᠦ ᠠᠵᠤ ᠦᠢᠯᠡᠰ ᠤᠨ ᠬᠥᠭᠵᠢᠯᠲᠡ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ᠹᠠᠩ ᠷᠦᠢ ᠤᠷᠢᠳ ᠬᠤᠵᠢᠳ ᠵᠢᠨᠱᠠᠨ ᠪᠠᠯᠭᠠᠰᠤ ᠶᠢᠨ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠬᠦᠷᠢᠶᠡᠯᠡᠩ ᠪᠣᠯᠤᠨ ᠵᠢᠨᠱᠠᠨ ᠪᠠᠯᠭᠠᠰᠤ ᠪᠣᠯᠤᠨ ᠹᠧᠩ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠳᠤ ᠬᠦᠷᠴᠦ ᠲᠦᠷᠦᠯ ᠵᠦᠢᠯ ᠤᠨ ᠠᠬᠢᠴᠠ ᠪᠣᠯᠤᠨ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃   ᠹᠠᠩ ᠷᠦᠢ ᠵᠢᠭᠠᠵᠤ ᠭᠠᠷᠭᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠳᠣᠬᠠᠨ ᠤ ᠡᠯ᠎ᠡ ᠵᠦᠢᠯ ᠤᠨ ᠠᠵᠢᠯ ᠤᠨ ᠲᠡᠷᠢᠭᠦᠨ ᠪᠠᠶᠢᠷᠢᠨ ᠳᠤ ᠲᠠᠯᠪᠢᠵᠤ᠂ ᠠᠵᠢᠯᠲᠠᠨ ᠤ ᠣᠷᠣᠵᠤ ᠭᠠᠷᠬᠤ ᠶᠢ ᠬᠠᠮᠢᠶᠠᠷᠬᠤ ᠪᠠ ᠠᠵᠢᠯᠯᠠᠬᠤ ᠲᠠᠯᠠᠪᠤᠷ ᠲᠤ ᠠᠷᠢᠭᠤᠳᠬᠠᠬᠤ ᠠᠵᠢᠯ ᠢ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠪᠦᠲᠦᠮᠵᠢᠲᠡᠶ ᠰᠡᠷᠭᠡᠶᠢᠯᠡᠨ ᠡᠵᠡᠮᠳᠡᠬᠦ ᠪᠠ ᠠᠮᠤᠷ ᠲᠦᠪᠰᠢᠨ ᠲᠥᠷᠥᠯ ᠵᠦᠢᠯ ᠤᠨ ᠪᠠᠷᠢᠯᠭ᠎ᠠ ᠶᠢᠨ ᠣᠷᠴᠢᠨ ᠨᠥᠬᠦᠴᠡᠯ ᠢ ᠦᠨᠡᠨ ᠬᠦ ᠪᠠᠲᠤᠯᠠᠬᠤ ᠬᠡᠷᠡᠭᠲᠡᠶ︔ ︽ᠦᠨᠡᠨᠬᠦ ᠠᠳᠬᠤᠵᠤ ᠪᠣᠳᠠᠲᠠᠶ ᠪᠠᠷ ᠠᠵᠢᠯᠯᠠᠬᠤ᠂ ᠳᠠᠷᠦ᠋ᠢᠬᠠᠨ ᠭᠦᠢᠴᠡᠳᠬᠡᠬᠦ ︾ ᠠᠵᠢᠯ ᠤᠨ ᠰᠤᠷᠲᠠᠯ ᠢᠶᠠᠷ᠂ ᠰᠠᠭᠠᠲᠠᠭᠠᠬᠤ ᠥᠬᠡᠶ᠂ ᠬᠤᠶᠢᠷᠭᠤᠰᠢᠬᠤ ᠥᠬᠡᠶ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠶᠣᠰᠣᠭᠠᠷ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠠᠬᠢᠭᠤᠯᠵᠤ᠂ ᠪᠠᠷᠢᠯᠭ᠎ᠠ ᠶᠢᠨ ᠬᠤᠭᠤᠴᠠᠭ᠎ᠠ ᠶᠢ ᠵᠦᠶ ᠵᠣᠬᠢᠰᠲᠠᠶ ᠳᠣᠭᠢᠷᠠᠭᠤᠯᠤᠨ᠂ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠵᠦ᠂ ᠥᠨᠳᠥᠷ ᠦᠷ᠎ᠡ ᠪᠦᠲᠦᠮᠵᠢ ᠲᠠᠢ ᠪᠠᠷ ᠪᠥᠲᠥᠭᠡᠨ ᠪᠠᠶᠢᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠬᠦ ᠬᠡᠷᠡᠭᠲᠡᠶ᠃ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ᠂ ᠬᠤᠷᠰᠢᠶ᠎ᠠ᠂ ᠠᠷᠠᠳ ᠤᠯᠠᠨ ᠤ ᠬᠤᠭᠤᠷᠣᠨᠳᠣ ᠨᠢᠭᠲᠠ ᠠᠰᠢᠭ ᠲᠤᠰᠠ ᠶᠢᠨ ᠬᠡᠯᠬᠢᠶ᠎ᠡ ᠶᠢᠨ ᠲᠣᠭᠲᠠᠴᠠ ᠶᠢ ᠪᠦᠷᠢᠯᠳᠦᠭᠦᠯᠵᠦ᠂ ᠲᠣᠰᠬᠤᠨ ᠤ ᠠᠷᠠᠳ ᠢ ᠬᠦᠳᠦᠯᠦᠨ ᠳᠠᠭᠠᠭᠤᠯᠵᠤ ᠪᠠᠶᠢᠭᠠᠳ ︽ᠵᠠᠬᠢᠶᠠᠯᠠᠭ᠎ᠠ︾ ᠶᠢᠨ ᠠᠵᠤ ᠦᠢᠯᠡᠰ ᠢ ᠶᠡᠬᠡᠪᠡᠷ ᠠᠬᠢᠭᠤᠯᠵᠤ᠂ ᠲᠣᠰᠬᠤᠨ ᠤ ᠠᠷᠠᠳ ᠢ ᠦᠨᠡᠨᠬᠦ ᠪᠡᠯᠡ ᠣᠷᠣᠭᠤᠯᠤᠯᠲᠠ ᠳᠤ ᠰᠠᠨᠠᠭ᠎ᠠ ᠠᠮᠤᠷ᠂ ᠮᠡᠷᠭᠡᠵᠢᠯ ᠳᠤ ᠰᠠᠨᠠᠭ᠎ᠠ ᠠᠮᠤᠷ᠂ ᠪᠣᠷᠣᠯᠠᠭᠤᠯᠭ᠎ᠠ ᠳᠤ ᠰᠠᠨᠠᠭ᠎ᠠ ᠠᠮᠤᠷ ᠪᠣᠯᠭᠠᠵᠤ᠂ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ᠂ ᠠᠷᠠᠳ ᠢ ᠪᠠᠶᠠᠵᠢᠭᠤᠯᠤᠨ ᠣᠷᠣᠯᠭ᠎ᠠ ᠶᠢ ᠨᠢ ᠨᠡᠮᠡᠭᠳᠡᠭᠦᠯᠬᠦ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠬᠤ ᠬᠡᠷᠡᠭᠲᠡᠢ︔ ᠦᠢᠯᠡᠴᠢᠯᠡᠭᠡᠨ ᠤ ᠦᠵᠡᠯ ᠤᠬᠠᠮᠰᠠᠷ ᠢᠶᠠᠨ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠳ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠴᠠᠭ ᠲᠤᠬᠠᠶ ᠳᠤᠨᠢ ᠡᠵᠡᠮᠰᠢᠨ᠂ ᠪᠥᠲᠥᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ ᠂ ᠵᠢᠨᠱᠠᠨ ᠪᠠᠯᠭᠠᠰᠤᠨ ᠤ ᠭᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠳᠠᠭᠤᠰᠬᠠᠬᠤ ᠶᠢ ᠦᠨᠡᠨᠬᠦ ᠪᠠᠲᠤᠯᠠᠬᠤ ᠬᠡᠷᠡᠭᠲᠡᠶ᠃   ᠹᠠᠩ ᠷᠦᠢ ᠴᠢᠬᠤᠯᠠᠴᠢᠯᠠᠬᠤ ᠳᠠᠭᠠᠨ᠂ ᠠᠵᠤᠦᠢᠯᠡᠰ ᠤᠨ ᠬᠥᠭᠵᠢᠯᠲᠡ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠦᠨᠳᠦᠰᠦᠨ ᠠᠷᠭ᠎ᠠ ᠪᠣᠳᠣᠯᠭ᠎ᠠ᠂ ᠣᠷᠳᠣ ᠬᠤᠭᠤᠴᠠᠭᠠᠨ ᠤ ᠠᠷᠭ᠎ᠠ ᠪᠣᠳᠣᠯᠭ᠎ᠠ ᠮᠥᠨ᠂ ᠬᠢᠵᠢᠭ ᠤᠨ ᠨᠥᠯᠥᠭᠡ ᠶᠢ ᠢᠯᠠᠨ ᠳᠠᠪᠠᠵᠤ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠤᠨᠴᠠᠯᠢᠬᠳᠤ ᠳᠠᠪᠠᠭᠤᠯᠢᠭ ᠠᠵᠤ ᠦᠢᠯᠡᠰ ᠢ ᠪᠤᠶᠢᠵᠢᠭᠤᠯᠵᠤ᠂ ᠣᠨᠴᠠᠯᠢᠭ ᠲᠠᠢ ᠨᠠᠷᠠᠲᠤ ᠲᠡᠮᠳᠡᠭ ᠢ ᠡᠭᠦᠳᠬᠦ ᠬᠡᠷᠡᠭᠲᠡᠶ︔ ᠬᠥᠳᠡᠭᠡ ᠠᠵᠤ ᠠᠬᠤᠢ ᠶᠢᠨ ᠡᠵᠡᠩᠨᠡᠯᠲᠡ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠬᠥᠳᠡᠭᠡ ᠠᠵᠤ ᠠᠬᠤᠢ ᠶᠢᠨ ᠬᠤᠷᠰᠢᠶ᠎ᠠ ᠪᠣᠯᠤᠨ ᠲᠠᠭᠠᠭᠤᠯᠤᠭᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠳᠠᠷᠢᠵᠤ ᠲᠡᠵᠢᠭᠡᠨ ᠦᠷᠡᠵᠢᠭᠦᠯᠬᠦ ᠠᠵᠤ ᠦᠢᠯᠡᠰ ᠤᠨ ᠲᠡᠰ ᠳᠡᠪᠰᠢᠬᠦ ᠶᠢ ᠦᠷᠭᠦᠯᠵᠢᠯᠡᠨ ᠠᠬᠢᠭᠤᠯᠵᠤ᠂ ᠳᠠᠪᠠᠭᠤᠯᠢᠭ ᠣᠨᠴᠠᠯᠢᠭ᠂ ᠭᠤᠣᠯᠯᠠᠬᠤ ᠲᠦᠷᠦᠯ ᠲᠡᠮᠳᠡᠭ ᠢ ᠪᠦᠷᠢᠯᠳᠦᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠠᠪᠤᠳᠠᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠬᠡᠷᠡᠭᠲᠡᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号